蒙古文网站Logo
ᠰᠢᠨᠬᠤᠸᠠ ᠮᠤᠩᠭ᠋ᠤᠯ ᠨᠧᠲ

ᠮᠠᠯᠵᠢᠬᠤ ᠤᠷᠤᠨ ᠤ ᠠᠰᠠᠷᠠᠮᠵᠢ ᠶᠢᠨ ᠪᠠᠶᠢᠭᠤᠯᠤᠮᠵᠢ ᠬᠦᠭ᠍ᠰᠢᠨ ᠨᠢᠯᠬᠠᠰ ᠲᠤ ᠳᠦᠭᠦᠮ ᠦᠵᠡᠭᠦᠯᠪᠡ

2017-07-26 16:51

60 ᠨᠠᠰᠤᠲᠠᠢ ᠬᠠᠰᠴᠢᠯᠠᠭᠤ《 ᠬᠠᠯᠠᠮᠵᠢ》 ᠨᠠᠰᠤᠲᠠᠨ ᠤ ᠠᠰᠠᠷᠠᠮᠵᠢ ᠶᠢᠨ ᠲᠦᠪ ᠲᠤ ᠴᠢᠰᠤᠨ ᠳᠠᠷᠤᠯᠲᠠ ᠪᠡᠨ ᠪᠠᠶᠢᠴᠠᠭᠠᠯᠭᠠᠵᠤ ᠪᠠᠶᠢᠭ᠎ᠠ ᠨᠢ

    ᠦᠪᠦᠷ ᠮᠣᠩᠭᠣᠯ ᠤᠨ ᠠᠪᠠᠭ᠎ᠠ ᠬᠤᠰᠢᠭᠤ ᠪᠤᠯ ᠨᠡᠢᠢᠳᠡᠯᠢᠭ ᠮᠠᠯᠵᠢᠬᠤ ᠬᠤᠰᠢᠭᠤ ᠶᠤᠮ᠂ ᠮᠠᠯᠴᠢᠳ ᠲᠠᠷᠠᠬᠠᠢ ᠪᠤᠲᠠᠷᠬᠠᠢ ᠰᠠᠭᠤᠷᠢᠰᠢᠳᠠᠭ᠃ ᠮᠠᠯᠵᠢᠬᠤ ᠤᠷᠤᠨ ᠳᠤ ᠨᠠᠰᠤᠲᠠᠨ ᠢ ᠠᠰᠠᠷᠠᠬᠤ᠂ ᠡᠮᠴᠢᠯᠡᠬᠦᠯᠬᠦ ᠳᠤ ᠲᠤᠩ ᠳᠦᠭᠦᠮ ᠦᠭᠡᠢ᠃ 2014 ᠤᠨ ᠳᠤ᠂ ᠠᠪᠠᠭ᠎ᠠ ᠬᠤᠰᠢᠭᠤ ᠵᠠᠰᠠᠭ ᠤᠨ ᠤᠷᠳᠤᠨ ᠤ ᠨᠦᠬᠦᠪᠦᠷᠢ ᠮᠦᠩᠭᠦ᠂ ᠠᠵᠤ ᠠᠬᠤᠶᠢᠯᠠᠯ ᠤᠨ ᠬᠦᠷᠦᠩᠭᠡ ᠤᠷᠤᠭᠤᠯᠤᠯᠲᠠ᠂ ᠲᠦᠪᠯᠡᠷᠡᠨ ᠰᠠᠭᠤᠷᠢᠰᠢᠬᠤ᠂ ᠡᠷᠦᠬᠡ ᠰᠠᠯᠤᠨ ᠰᠠᠭᠤᠷᠢᠰᠢᠬᠤ ᠵᠡᠷᠭᠡ ᠠᠷᠭ᠎ᠠ ᠪᠠᠷᠢᠯ ᠢᠶᠡᠷ 3.4 ᠲᠦᠮᠡᠨ ᠭᠦᠸᠠᠳ᠋ ᠮᠸᠲ᠋ᠷ ᠤᠨ 1000 ᠭᠠᠷᠤᠢ ᠨᠠᠰᠤᠲᠠᠨ᠂ 200 ᠭᠠᠷᠤᠢ ᠬᠡᠤᠬᠡᠳ ᠢ ᠪᠠᠭᠲᠠᠭᠠᠳᠠᠭ《 ᠬᠠᠯᠠᠮᠵᠢ》 ᠨᠠᠰᠤᠲᠠᠨ ᠤ ᠠᠰᠠᠷᠠᠮᠵᠢ ᠶᠢᠨ ᠭᠠᠵᠠᠷ ᠢ ᠪᠠᠶᠢᠭᠤᠯᠪᠠ᠃ 60 ᠭᠠᠷᠤᠭᠰᠠᠨ ᠨᠠᠰᠤᠲᠠᠨ ᠵᠢᠯ ᠳᠤ 3000 ᠡᠴᠡ 6000 ᠲᠦᠬᠦᠷᠢᠭ᠌ ᠤᠨ ᠲᠦᠯᠦᠪᠦᠷᠢ ᠲᠤᠰᠢᠶᠠᠭᠰᠠᠭᠠᠷ 30 ᠡᠴᠡ 60 ᠭᠦᠸᠠᠳ᠋ ᠮᠸᠲ᠋ᠷ ᠲᠠᠯᠠᠪᠠᠢ ᠲᠠᠢ ᠨᠠᠰᠤᠲᠠᠨ ᠤ ᠠᠰᠠᠷᠠᠮᠵᠢ ᠶᠢᠨ ᠭᠡᠷ ᠲᠤ ᠰᠠᠭᠤᠬᠤ ᠶᠢᠨ ᠳᠠᠭᠠᠤ ᠡᠨᠳᠡᠬᠢ ᠡᠮ ᠡᠮᠨᠡᠯᠭᠡ᠂ ᠰᠤᠶᠤᠯ ᠤᠨ ᠠᠵᠢᠯᠯᠠᠭ᠎ᠠ᠂ ᠵᠤᠭ᠎ᠠ ᠴᠡᠩᠭᠡᠯ ᠵᠡᠷᠭᠡ 20 ᠭᠠᠷᠤᠢ ᠲᠦᠯᠦᠪᠦᠷᠢ ᠦᠭᠡᠢ ᠦᠢᠯᠡᠴᠢᠯᠠᠭᠡ ᠶᠢ ᠡᠳ᠋ᠯᠠᠬᠦ ᠪᠤᠯᠤᠨ᠎ᠠ᠃ 《 ᠬᠠᠯᠠᠮᠵᠢ》 ᠠᠰᠠᠷᠠᠮᠵᠢ ᠶᠢᠨ ᠪᠠᠶᠢᠭᠤᠯᠤᠯᠮᠵᠢ ᠨᠢ ᠲᠠᠷᠠᠬᠠᠨ ᠰᠠᠭᠤᠷᠢᠰᠢᠵᠤ ᠪᠠᠶᠢᠭ᠎ᠠ ᠮᠠᠯᠴᠢᠳ ᠢ ᠬᠤᠲᠠ ᠪᠠᠯᠭᠠᠰᠤᠨ ᠳᠤ ᠲᠦᠪᠯᠡᠷᠡᠭᠦᠯᠦᠨ ᠰᠠᠭᠤᠷᠢᠰᠢᠭᠤᠯᠵᠤ᠂ ᠮᠠᠯᠴᠢᠳ ᠤᠨ ᠨᠠᠰᠤᠲᠠᠳ ᠢ ᠠᠰᠠᠷᠠᠬᠤ ᠳᠤ ᠳᠦᠭᠦᠮ ᠦᠭᠡᠢ ᠪᠠᠶᠢᠬᠤ ᠪᠠ ᠬᠡᠤᠬᠡᠳ ᠤᠳ ᠤᠨ ᠰᠤᠷᠭᠠᠭᠤᠯᠢ ᠳᠤ ᠰᠠᠭᠤᠬᠤ ᠳᠤ  ᠲᠦᠭᠦᠮ ᠦᠭᠡᠢ ᠠᠰᠠᠭᠤᠳᠠᠯ ᠢ ᠰᠶ᠋ᠢᠳᠪᠦᠷᠢᠯᠡᠵᠠᠢ᠃ ᠤᠳᠤᠬᠠᠨ ᠳᠤ᠂ ᠲᠤᠰ ᠠᠰᠠᠷᠠᠮᠵᠢ ᠶᠢᠨ ᠪᠠᠶᠢᠭᠤᠯᠤᠮᠵᠢ ᠳᠤ 420 ᠭᠠᠷᠤᠢ ᠡᠷᠦᠬᠡ ᠶᠢᠨ 700 ᠰᠢᠬᠠᠮ ᠨᠠᠰᠤᠲᠠᠶᠢᠴᠤᠳ 200 ᠰᠢᠬᠠᠮ ᠬᠡᠤᠬᠡᠳ ᠠᠴᠢ ᠨᠠᠷ ᠢᠶᠡᠨ ᠳᠠᠭᠠᠭᠤᠯᠵᠤ ᠰᠠᠭᠤᠵᠤ ᠪᠠᠶᠢᠨ᠎ᠠ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠷᠸᠨ ᠵᠢᠶᠦ᠋ᠨ ᠴᠤᠸᠠᠨ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121384309