蒙古文网站Logo
ᠰᠢᠨᠬᠤᠸᠠ ᠮᠤᠩᠭ᠋ᠤᠯ ᠨᠧᠲ

100 ᠡᠮᠡᠭᠲᠠᠢ ᠤᠮᠠᠷᠠᠲᠤ ᠬᠢᠯᠢ ᠶᠢᠨ ᠬᠠᠮᠤᠭ ᠤᠨ ᠰᠠᠶᠢᠬᠠᠨ ᠦᠢᠯᠡᠰ ᠪᠤᠰᠬᠠᠭᠰᠠᠨ ᠵᠢᠱᠢᠶᠡᠴᠢ ᠪᠡᠷ ᠬᠦᠬᠢᠭᠦᠯᠦᠭᠳᠡᠨ ᠰᠠᠶᠢᠰᠢᠶᠠᠭᠳᠠᠪᠠ

2017-07-27 16:58

    7 ᠰᠠᠷ᠎ᠠ ᠶᠢᠨ 26 ᠤ ᠡᠳᠦᠷ ᠂ 2017 ᠤᠨ ᠤ ᠤᠮᠠᠷᠠᠳᠦ ᠬᠢᠯᠢ ᠵᠢᠨ ᠬᠠᠮᠤᠭ ᠤᠨ ᠰᠠᠶᠢᠬᠠᠨ ᠦᠢᠯᠡᠰ ᠪᠤᠰᠬᠠᠬᠰᠠᠨ ᠡᠮᠡᠭᠳᠡᠢ ᠶᠢ ᠬᠦᠬᠢᠬᠦᠯᠦᠨ ᠰᠠᠢᠢᠰᠢᠶᠠᠬᠤ ᠶᠡᠬᠡ ᠬᠤᠷᠠᠯ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠬᠡᠬᠤᠳᠠ  ᠳᠤ ᠬᠤᠷᠠᠯᠳᠤᠵᠠᠢ᠃ ᠦᠪᠦᠷ ᠮᠣᠩᠭᠣᠯ ᠤᠨ ᠠᠵᠤ ᠠᠬᠤᠢ ᠨᠡᠢᠢᠭᠡᠮ ᠤᠨ ᠭᠦᠭ᠍ᠵᠢᠯᠳᠠ  ᠳᠤ ᠲᠤᠪᠤᠢᠢᠮ ᠠ ᠬᠤᠪᠢ ᠨᠡᠮᠡᠷᠢ ᠦᠵᠡᠬᠦᠯᠦᠭᠰᠡᠨ ᠡᠯ᠎ᠠ ᠠᠵᠢᠯ ᠲᠦᠷᠦᠯ ᠤᠨ 100 ᠭᠠᠷᠤᠢ ᠦᠢᠯᠡᠰ ᠪᠤᠰᠬᠠᠬᠰᠠᠨ ᠵᠢᠱᠢᠶᠡᠴᠢ ᠡᠮᠡᠭᠳᠡᠢ ᠬᠦᠬᠢᠬᠦᠯᠦᠯ ᠬᠦᠷᠳᠡᠵᠡᠢ᠃

    ᠤᠢᠢᠯᠠᠭᠠᠬᠰᠠᠨ ᠵᠢᠡᠷ᠂ ᠦᠨᠦ ᠵᠢᠯ ᠤᠨ 4 ᠰᠠᠷ᠎ᠠ ᠳᠤ᠂ ᠮᠠᠨ ᠤ ᠤᠷᠤᠨ 2017 ᠤᠨ ᠤ ᠤᠮᠠᠷᠠᠳᠦ ᠬᠢᠯᠢ ᠵᠢᠨ ᠬᠠᠮᠤᠭ ᠤᠨ ᠰᠠᠶᠢᠬᠠᠨ ᠦᠢᠯᠡᠰ ᠪᠤᠰᠬᠠᠬᠰᠠᠨ ᠡᠮᠡᠭᠳᠡᠢ ᠶᠢ ᠬᠠᠶᠢᠬᠤ ᠠᠵᠢᠯᠯᠠᠭ᠎ᠠ ᠶᠢ ᠡᠬᠢᠯᠡᠬᠦᠯᠵᠡᠢ᠃ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠡᠮᠡᠭᠳᠡᠢ ᠠᠵᠤ ᠠᠬᠤᠢᠢᠯᠠᠯᠳᠠᠨ ᠤ ᠨᠡᠢᠢᠬᠡᠮᠯᠢᠭ᠌ ᠤᠨ ᠬᠢᠨ ᠡᠯ᠎ᠠ ᠠᠵᠢᠯ ᠲᠦᠷᠦᠯ ᠪᠠ ᠨᠡᠢᠢᠭᠡᠮ ᠤᠨ ᠵᠤᠬᠢᠶᠠᠨ ᠪᠠᠢᠢᠭᠤᠯᠤᠯᠳᠠ ᠶᠢ ᠵᠤᠬᠢᠴᠠᠭᠤᠯᠤᠨ᠂ 3 ᠰᠠᠷ᠎ᠠ ᠶᠢᠨ ᠬᠤᠭᠤᠴᠠᠭ᠎ᠠ ᠬᠡᠷᠡᠭᠰᠡᠵᠤ ᠤᠷᠤᠨ ᠳᠠᠶᠠᠭᠠᠷ ᠤᠨ12 ᠠᠢᠢᠮᠠᠭ ᠬᠤᠳᠠ ᠳᠦ ᠬᠦᠨᠵᠡᠭᠡᠢᠢᠷᠡᠨ ᠶᠠᠷᠢᠯᠴᠠᠬᠤ ᠬᠤᠷᠠᠯ ᠬᠢᠵᠤ ᠰᠠᠨᠠᠯ ᠰᠠᠨᠠᠭᠤᠯᠭ᠎ᠠ ᠰᠤᠨᠤᠰᠴᠤ ᠂ ᠲᠠᠷᠠᠴᠢᠯᠠᠨ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠡᠮᠡᠭᠳᠡᠢᠢᠴᠤᠳ ᠤᠨ ᠬᠤᠯᠪᠤᠭ᠎ᠠ ᠬᠢᠭᠡᠳ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠡᠮᠡᠭᠳᠡᠢ ᠠᠵᠤ ᠠᠬᠤᠢᠢᠯᠠᠯᠳᠠᠨ ᠤ ᠨᠡᠢᠢᠬᠡᠮᠯᠢᠭ᠌ ᠤᠨ ᠬᠠᠷᠢᠭᠤᠴᠠᠯᠭᠠᠳᠠᠨ᠂ ᠡᠯ᠎ᠠ ᠠᠢᠢᠮᠠᠭ ᠬᠤᠳᠠ ᠶᠢᠨ ᠡᠮᠡᠭᠳᠡᠢ ᠠᠵᠤ ᠠᠬᠤᠢᠢᠯᠠᠯᠳᠠᠨ ᠤ ᠨᠡᠢᠢᠭᠡᠮᠯᠢᠭ᠌ ᠤᠨ ᠲᠠᠷᠤᠭ᠎ᠠ ᠨᠠᠷ ᠢᠶᠡᠷ ᠪᠦᠷᠢᠯᠳᠦᠭᠰᠡᠨ ᠬᠢᠨᠡᠨ ᠰᠢᠯᠭᠠᠷᠠᠭᠤᠯᠬᠤ ᠪᠦᠯᠬᠦᠮ ᠤᠨ ᠰᠢᠯᠭᠠᠷᠠᠭᠤᠯᠤᠯᠳᠠ ᠪᠠᠷ ᠲᠠᠮᠵᠢᠨ᠂ ᠬᠠᠮᠤᠭ ᠡᠴᠤᠰ ᠲᠤ100 ᠭᠠᠷᠤᠢ ᠬᠦᠮᠤᠨ ᠢ ᠰᠢᠯᠢᠨ ᠰᠤᠩᠭ᠋ᠤᠵᠤ 2017 ᠤᠨ ᠤ ᠤᠮᠠᠷᠠᠳᠤ ᠬᠢᠯᠢ ᠶᠢᠨ ᠬᠠᠮᠤᠭ ᠤᠨ ᠰᠠᠶᠢᠬᠠᠨ ᠦᠢᠯᠡᠰ ᠪᠤᠰᠬᠠᠬᠰᠠᠨ ᠡᠮᠡᠭᠳᠡᠢ ᠪᠠᠷ ᠲᠤᠭᠳᠠᠭᠠᠪᠠ᠃ ᠬᠦᠬᠢᠬᠦᠯᠦᠨ ᠰᠠᠢᠢᠰᠢᠶᠠᠬᠤ ᠶᠡᠬᠡ ᠬᠤᠷᠠᠯ ᠤᠨ ᠲᠠᠷᠠᠭ᠎ᠠ᠂ ᠦᠢᠯᠡᠰ ᠪᠤᠰᠬᠠᠭᠰᠠᠨ ᠡᠮᠡᠭᠳᠡᠢᠢᠴᠤᠳ ᠤᠨ ᠲᠡᠭᠡᠳᠤ ᠲᠦᠪᠰᠢᠨ ᠤ ᠹᠤᠷᠦ᠋ᠮ ᠡᠷᠬᠢᠯᠡᠨ ᠶᠠᠪᠤᠭᠳᠠᠭᠤᠯᠵᠤ᠂ ᠡᠮᠡᠭᠳᠡᠢ ᠠᠵᠤ ᠠᠬᠤᠢᠢᠯᠠᠯᠳᠠᠳ ᠡᠴᠨ ᠡᠮᠡᠭᠳᠡᠢᠢᠴᠤᠳ ᠤᠨ ᠦᠢᠯᠡᠰ ᠪᠤᠰᠬᠠᠬᠤ ᠶᠠᠪᠤᠴᠠ ᠳᠤ ᠲᠤᠯᠭᠠᠷᠠᠬᠰᠠᠨ ᠬᠦᠴᠢᠷᠳᠡᠯ ᠲᠦᠪᠡᠭ᠍ᠳᠡᠯ᠂ ᠡᠮᠡᠭᠳᠡᠢᠢᠴᠤᠳ ᠦᠢᠯᠡᠰ ᠪᠤᠰᠬᠠᠬᠤ ᠳᠤ ᠴᠠᠭ ᠤᠨ ᠪᠠᠢᠢᠳᠠᠯ ᠳᠤ ᠭᠡᠷᠬᠢᠨ ᠵᠤᠬᠢᠴᠠᠭᠤᠯᠬᠤ ᠵᠡᠷᠭᠡ ᠰᠡᠳᠦᠪ ᠤᠨ ᠲᠤᠭᠤᠷᠢᠨ  ᠳᠤ ᠰᠠᠨᠠᠯ ᠪᠤᠳᠤᠯ ᠢᠶᠡᠨ ᠰᠤᠯᠢᠯᠴᠠᠵᠠᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121390889