蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠨᠡᠭᠦᠷᠡᠰᠦᠨ ᠤ ᠰᠠᠭᠤᠷᠢᠨ ᠵᠠᠭᠪᠤᠷ ᠢᠶᠡᠨ ᠦᠭᠡᠷᠡᠴᠢᠯᠡᠨ ᠲᠡᠰ ᠲᠡᠪᠰᠢᠭᠦᠯᠦᠭᠡᠳ ᠢᠯᠡᠳᠳᠡ ᠠᠮᠵᠢᠯᠲᠠ ᠲᠡᠢ

2017-07-31 11:16

ᠦᠪᠦᠷ ᠮᠣᠩᠭᠣᠯ ᠤᠨ ᠤᠷᠳᠤᠰ ᠤᠨ ᠵᠡᠭᠦᠨᠭᠠᠷ ᠬᠤᠰᠢᠭᠤᠨ ᠳᠤ ᠪᠠᠶᠢᠷᠢᠯᠠᠭ᠎ᠠ ᠵᠢᠦ ᠲᠠᠢ ᠡᠷᠴᠢᠮ ᠬᠦᠴᠦᠨ ᠤ ᠦᠪᠦᠷ ᠮᠣᠩᠭᠣᠯ ᠳᠡᠬᠢ ᠬᠢᠵᠠᠭᠠᠷᠲᠤ ᠺᠤᠮᠫᠠᠨᠢ ᠶᠢᠨ ᠨᠡᠭᠦᠷᠡᠰᠦ ᠬᠢᠮᠢ ᠶᠢᠨ ᠦᠢᠯᠡᠳᠪᠦᠷᠢᠯᠡᠯ ᠤᠨ ᠪᠦᠰᠡ

    ᠰᠡᠭᠦᠯ ᠤᠨ ᠵᠢᠯ ᠤᠳ ᠲᠤ᠂ ᠦᠪᠦᠷ ᠮᠣᠩᠭᠣᠯ ᠡᠬᠢ ᠪᠠᠶᠠᠯᠢᠭ ᠤᠨ ᠳᠠᠪᠠᠭᠤᠯᠢᠭ ᠲᠤ ᠪᠡᠨ ᠰᠠᠭᠤᠷᠢᠯᠠᠨ᠂ ᠨᠡᠭᠦᠷᠡᠰᠦᠨ ᠤ ᠰᠠᠭᠤᠷᠢᠨ ᠵᠠᠭᠪᠤᠷ ᠢᠶᠡᠨ ᠦᠭᠡᠷᠡᠴᠢᠯᠡᠨ ᠲᠡᠰ ᠲᠡᠪᠰᠢᠭᠦᠯᠬᠦ ᠶᠠᠪᠤᠴᠠ ᠪᠠᠨ ᠲᠦᠷᠭᠡᠳᠭᠡᠪᠡ᠃ ᠰᠢᠨ᠎ᠠ ᠮᠡᠷᠭᠡᠵᠢᠯ᠂ ᠰᠢᠨ᠎ᠠ ᠬᠡᠪ ᠪᠤᠯᠪᠠᠰᠤᠷᠠᠯ᠂ ᠰᠢᠨ᠎ᠠ ᠡᠷᠴᠢᠮ ᠬᠦᠴᠦ ᠶᠢ ᠬᠦᠭ᠍ᠵᠢᠭᠦᠯᠬᠦ ᠪᠡᠷ ᠳᠠᠮᠵᠢᠨ ᠨᠡᠭᠦᠷᠡᠰᠦᠨ ᠤ ᠦᠢᠯᠡᠰ ᠤᠨ ᠵᠠᠭᠪᠤᠷ ᠢᠶᠡᠨ ᠦᠭᠡᠷᠡᠴᠢᠯᠡᠨ ᠲᠡᠰ ᠲᠡᠪᠰᠢᠭᠦᠯᠬᠦ ᠪᠠ ᠦᠷᠭᠦᠯᠵᠢᠯᠡᠨ ᠬᠦᠭ᠍ᠵᠢᠬᠦ ᠶᠢ ᠡᠬᠢᠭᠤᠯᠵᠤ᠂ ᠨᠡᠭᠦᠷᠡᠰᠦᠨ ᠤ ᠡᠬᠢ ᠪᠠᠶᠠᠯᠢᠬ ᠢ ᠴᠡᠪᠡᠷᠰᠢᠭᠦᠯᠦᠨ ᠪᠦᠲᠦᠮᠵᠢᠲᠠᠢ ᠠᠰᠢᠭᠯᠠᠬᠤ ᠬᠢᠭᠡᠳ ᠦᠷᠲᠡᠭ ᠢ ᠨᠡᠮᠡᠭᠳᠡᠭᠦᠯᠦᠨ ᠬᠡᠯᠪᠡᠷᠢ ᠬᠤᠪᠢᠷᠠᠭᠤᠯᠬᠤ ᠶᠢ ᠪᠡᠶᠡᠯᠡᠭᠦᠯᠵᠠᠢ᠃ ᠤᠯᠠᠮ ᠡᠴᠡ ᠤᠯᠠᠮ ᠲᠡᠭᠦᠯᠳᠡᠷᠵᠢᠵᠤ ᠪᠠᠶᠢᠭ᠎ᠠ ᠤᠳᠤᠬᠢᠴᠢᠯᠠᠭᠰᠠᠨ ᠨᠡᠭᠦᠷᠡᠰᠤ -- ᠡᠷᠴᠢᠮ ᠬᠦᠴᠦ ᠬᠢᠮᠢ ᠶᠢᠨ ᠦᠢᠯᠡᠳᠪᠦᠷᠢ ᠨᠢᠭᠡ ᠴᠤᠭᠴᠠᠵᠢᠯᠠᠭᠰᠠᠨ ᠰᠢᠨ᠎ᠠ ᠬᠡᠯᠪᠡᠷᠢ ᠶᠢᠨ ᠠᠵᠤ ᠦᠢᠯᠡᠰ ᠤᠨ ᠬᠦᠷᠢᠶ᠎ᠠ ᠴᠡᠷᠠᠭ᠎ᠠ ᠤᠯᠤᠰ ᠤᠨ ᠲᠡᠷᠢᠭᠦᠨ ᠳᠤ ᠪᠠᠶᠢᠷᠢᠯᠠᠬᠤ ᠪᠤᠯᠪᠠ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠴᠧᠨ ᠪᠢᠨ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121407236