蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠭᠠᠩ ᠤᠨ ᠪᠠᠶᠢᠳᠠᠯ ᠨᠠᠮᠳᠠᠪᠠ

2017-08-03 15:58

    ᠰᠢᠨᠬᠤᠸᠠ ᠬᠤᠷᠢᠶ᠎ᠠ  ᠬᠦᠬᠡᠬᠤᠲᠠ ᠶᠢᠨ 8 ᠰᠠᠷ᠎ᠠ ᠶᠢᠨ 2 ᠤᠨ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠬᠠᠯᠢᠨ᠎ᠠ) 8 ᠰᠠᠷ᠎ᠠ ᠶᠢᠨ 2 ᠤᠨ ᠡᠳᠦᠷ᠂ ᠰᠤᠷᠪᠤᠯᠵᠢᠯᠠᠭᠴᠢ ᠦᠪᠦᠷ ᠮᠣᠩᠭᠣᠯ ᠤᠨ ᠴᠠᠭ ᠠᠭᠤᠷ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠤᠷᠤᠨ ᠳᠠᠶᠠᠭᠠᠷ ᠤᠨ 60% ᠤᠨ ᠴᠠᠭ ᠠᠭᠤᠷ ᠤᠨ ᠦᠷᠲᠡᠭᠡ ᠬᠤᠷ᠎ᠠ ᠲᠤᠨᠳᠠᠰᠤ ᠤᠷᠤᠬᠤ ᠮᠡᠳᠡᠭᠡ ᠨᠡᠶᠢᠲᠡᠯᠡᠪᠡ᠃

    ᠦᠪᠦᠷ ᠮᠣᠩᠭᠣᠯ ᠤᠨ ᠴᠠᠭ ᠠᠭᠤᠷ ᠤᠨ ᠲᠤᠪᠴᠢᠶ᠎ᠠ ᠶᠢᠨ ᠤᠷᠢᠳᠴᠢᠯᠠᠨ ᠲᠤᠭᠠᠴᠠᠭᠠᠯᠠᠭᠰᠠᠨ ᠢᠶᠡᠷ᠂ ᠳᠡᠳ᠋ ᠬᠠᠯᠠᠭᠤᠨ ᠪᠦᠰᠡᠨ ᠤ ᠦᠨᠳᠦᠷ ᠳᠠᠷᠤᠯᠲᠠ ᠵᠡᠷᠭᠡ ᠤᠯᠠᠨ ᠬᠦᠴᠦᠨ ᠵᠦᠢᠯ ᠤᠨ ᠨᠦᠯᠦᠭᠡᠯᠡᠯ ᠢᠶᠡᠷ ᠲᠦᠷᠦᠭᠦᠬᠡᠨ ᠤᠷᠤᠨ ᠳᠠᠶᠠᠭᠠᠷ ᠤᠨ ᠶᠡᠬᠡᠩᠬᠢ ᠬᠡᠰᠡᠭ ᠪᠦᠰᠡ ᠨᠤᠲᠤᠭ ᠲᠤ ᠪᠠᠷᠠᠭᠤᠨ ᠡᠴᠡ ᠵᠡᠭᠦᠨᠰᠢ ᠬᠤᠷ᠎ᠠ ᠲᠤᠨᠳᠠᠰᠤ ᠪᠠᠭᠤᠭᠰᠠᠨ ᠢᠶᠡᠷ 3.1 ᠲᠦᠮᠡᠨ ᠺᠦᠸᠠᠳ᠋ ᠺᠢᠯᠦᠮᠸᠲ᠋ᠷ ᠲᠠᠯᠠᠪᠠᠢ ᠶᠢᠨ ᠭᠠᠩ ᠤᠨ ᠪᠠᠶᠢᠳᠠᠯ ᠢ ᠨᠠᠮᠳᠠᠭᠠᠪᠠ᠃

    7 ᠰᠠᠷ᠎ᠠ ᠶᠢᠨ ᠰᠡᠭᠦᠯᠴᠢ ᠡᠴᠡ ᠨᠡᠰᠢ᠂ ᠦᠪᠦᠷ ᠮᠣᠩᠭᠣᠯ ᠤᠨ ᠲᠤᠨᠳᠠᠰᠤᠨ ᠤ ᠬᠡᠮᠵᠢᠶ᠎ᠠ ᠨᠡᠮᠡᠭᠳᠡᠵᠠᠢ᠂ ᠬᠡᠲᠦᠶᠢᠪᠡᠷ ᠲᠤᠨᠳᠠᠰᠤᠨ ᠤ ᠬᠡᠮᠵᠢᠶ᠎ᠠ ᠡᠩ ᠤᠨ ᠵᠢᠯ ᠤᠨ ᠬᠢ ᠡᠴᠡ ᠬᠠᠷᠢᠴᠠᠩᠭ᠋ᠤᠢ ᠪᠠᠭ᠎ᠠ ᠪᠤᠯᠪᠠᠴᠤ᠂ ᠤᠷᠤᠨ ᠳᠠᠶᠠᠭᠠᠷ ᠤᠨ ᠭᠠᠩᠳᠠᠯ ᠢ ᠲᠠᠶᠢᠯᠬᠤ ᠳᠤ ᠢᠳᠡᠪᠬᠢ ᠦᠢᠯᠡᠳᠦᠯ ᠦᠵᠡᠭᠦᠯᠤᠨ᠂ ᠤᠷᠤᠨ ᠳᠠᠶᠠᠭᠠᠷ ᠤᠨ ᠴᠢᠬᠢᠭ᠌ ᠤᠨ ᠪᠠᠶᠢᠳᠠᠯ ᠨᠡᠮᠡᠭᠳᠡᠪᠡ᠃ ᠦᠪᠦᠷ ᠮᠣᠩᠭᠣᠯ ᠤᠨ ᠠᠮᠢ ᠠᠬᠤᠢ ᠵᠢᠴᠢ ᠲᠠᠷᠢᠶᠠᠯᠠᠩ ᠠᠵᠤ ᠠᠬᠤᠢ ᠶᠢᠨ ᠴᠠᠭ ᠠᠭᠤᠷ ᠤᠨ ᠲᠦᠪ ᠤᠨ ᠬᠢᠨᠠᠨ ᠬᠡᠮᠵᠢᠯᠲᠠ ᠳᠤ ᠢᠯᠡᠷᠡᠭᠦᠯᠦᠭᠰᠡᠨ ᠢᠶᠡᠷ᠂ ᠤᠳᠤᠬᠠᠨ ᠳᠤ᠂ ᠤᠷᠤᠨ ᠳᠠᠶᠠᠭᠠᠷ ᠤᠨ ᠨᠢᠭᠡᠳᠦᠭᠡᠷ ᠲᠦᠷᠦᠯ᠂ ᠬᠤᠶᠠᠳᠤᠭᠠᠷ ᠲᠦᠷᠦᠯ᠂ ᠭᠤᠷᠪᠠᠳᠤᠭᠠᠷ ᠲᠦᠷᠦᠯ ᠤᠨ ᠴᠢᠬᠢᠭ᠌ ᠤᠨ ᠲᠠᠯᠠᠪᠠᠢ ᠨᠢ ᠲᠤᠰ ᠪᠦᠷᠢ 31.6᠂ 28.4 ᠪᠠ 58.0 ᠲᠦᠮᠡᠨ ᠺᠦᠸᠠᠳ᠋ ᠺᠢᠯᠦᠮᠸᠲ᠋ᠷ᠃ ᠤᠨᠴᠠᠭᠠᠶᠢᠯᠠᠨ ᠲᠠᠷᠢᠶᠠᠯᠠᠩ ᠤᠨ ᠪᠦᠰᠡ ᠶᠢᠨ 6 ᠬᠤᠪᠢ ᠡᠴᠡ ᠳᠡᠭᠡᠭ᠍ᠰᠢᠬᠢ ᠭᠠᠵᠠᠷ ᠤᠨ ᠴᠢᠭᠢᠭ᠌ ᠤᠨ ᠪᠠᠶᠢᠳᠠᠯ ᠰᠠᠶᠢᠨ ᠪᠠᠶᠢᠵᠤ᠂ ᠲᠠᠷᠢᠶᠠᠯᠠᠩ ᠤᠨ ᠡᠯᠪᠡᠭ᠌ ᠬᠤᠷᠢᠶᠠᠯᠲᠠ ᠳᠤ ᠠᠰᠢᠭᠲᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121427040