蒙古文网站Logo
ᠰᠢᠨᠬᠤᠸᠠ ᠮᠤᠩᠭ᠋ᠤᠯ ᠨᠧᠲ

ᠡᠨᠡ ᠵᠢᠯ ᠬᠦᠬᠡᠬᠤᠳᠠ ᠪᠤᠭᠤᠮᠳᠠ 10 ᠳᠠᠯ᠎ᠠ ᠶᠢᠨ ᠳᠤᠬᠠᠢᠢᠯᠠᠭᠰᠠᠨ ᠠᠵᠢᠯ ᠤᠨ ᠶᠡᠷᠦᠩᠬᠡᠶᠢᠯᠡᠭᠰᠡᠨ ᠦᠭᠡᠷᠡᠴᠢᠯᠡᠯᠳᠡ ᠵᠢ ᠠᠬᠢᠭᠤᠯᠤᠨ᠎ᠠ

2017-08-07 17:39

    ᠰᠤᠷᠪᠤᠯᠵᠢᠯᠠᠭᠴᠢ ᠲᠦᠷᠦᠭᠦᠬᠡᠨ ᠬᠦᠬᠡᠬᠤᠳᠠ ᠪᠤᠭᠤᠮᠳᠠ ᠡᠴᠡ ᠤᠢᠢᠯᠠᠭᠠᠭᠰᠠᠨ ᠢᠶᠡᠷ᠂ ᠡᠨᠡ ᠵᠢᠯ ᠬᠦᠬᠡᠬᠤᠳᠠ ᠪᠤᠭᠤᠮᠳᠠ ᠳᠤᠬᠠᠢᠢᠯᠠᠭᠰᠠᠨ ᠠᠵᠢᠯ ᠤᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢ ᠬᠦᠨᠵᠡᠭᠡᠢᠢᠷᠡᠬᠦᠯᠤᠨ ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠭᠠᠳᠠᠭᠠᠳᠤ ᠨᠡᠭᠡᠭᠡᠯᠳᠡ ᠳᠤ ᠪᠦᠬᠦ ᠳᠠᠯ᠎ᠠ ᠪᠡᠷ ᠦᠢᠯᠡᠴᠢᠯᠡᠨ᠎ᠠ᠃ ᠬᠦᠬᠡᠬᠤᠳᠠ ᠪᠤᠭᠤᠮᠳᠠ ᠵᠢᠨ ᠳᠤᠬᠠᠢᠢᠯᠠᠭᠰᠠᠨ ᠠᠵᠢᠯ ᠤᠨ ᠶᠡᠷᠦᠩᠬᠡᠶᠢᠯᠡᠭᠰᠡᠨ ᠦᠭᠡᠷᠡᠴᠢᠯᠡᠯᠳᠡ ᠭᠤᠤᠯᠳᠠᠭᠤ ᠳᠤᠤᠷᠠᠬᠢ 10 ᠳᠠᠯ᠎ᠠ ᠪᠡᠷ ᠶᠠᠪᠤᠭᠳᠠᠨ᠎ᠠ᠄ ᠪᠤᠭᠤᠮᠳᠠ ᠵᠢᠨ ᠶᠡᠷᠦᠩᠬᠡᠢ ᠵᠠᠬᠢᠷᠭ᠎ᠠ ᠶᠢᠨ ᠪᠦᠬᠦ ᠲᠠᠯ᠎ᠠ ᠶᠢᠨ ᠳᠤᠬᠠᠢᠢᠯᠠᠭᠰᠠᠨ ᠠᠵᠢᠯ ᠢ ᠬᠢᠨᠠᠨ ᠬᠡᠮᠵᠢᠬᠦ ᠵᠢᠴᠢ ᠳᠡᠯᠭᠡᠨ ᠦᠵᠡᠬᠦᠯᠬᠦ ᠳᠠᠪᠴᠠᠡᠭ ᠤᠨ ᠬᠡᠷᠡᠭᠯᠡᠯᠳᠡ ᠵᠢ ᠲᠦᠭᠡᠮᠡᠯᠵᠢᠭᠦᠯᠦᠨ᠎ᠠ;ᠪᠤᠭᠤᠮᠳᠠ ᠵᠢᠨ ᠶᠡᠷᠦᠩᠬᠡᠢ ᠵᠠᠬᠢᠷᠭ᠎ᠠ ᠶᠢᠨ 《ᠢᠨᠲ᠋᠋ᠸᠷᠨ᠋ᠸᠲ + ᠪᠤᠭᠤᠮᠳᠠ》ᠵᠢᠨ ᠲᠦᠷᠦᠯ ᠵᠦᠢᠯ ᠤᠨ ᠬᠡᠷᠡᠭᠯᠡᠯᠳᠡ ᠶᠢ ᠲᠦᠭᠡᠮᠡᠯᠵᠢᠭᠦᠯᠦᠨ᠎ᠠ; ᠪᠤᠭᠤᠮᠳᠠ ᠦᠩᠭᠡᠷᠡᠬᠦ ᠳᠤᠬᠠᠢᠢᠯᠠᠭᠰᠠᠨ ᠠᠵᠢᠯ ᠢ ᠲᠦᠪᠯᠡᠷᠡᠬᠦᠯᠦᠨ ᠰᠢᠢᠳᠪᠦᠷᠢᠯᠡᠬᠦ ᠦᠭᠡᠷᠡᠴᠢᠯᠡᠯᠳᠡ ᠵᠢ ᠠᠬᠢᠭᠤᠯᠤᠨ᠎ᠠ;ᠭᠠᠢᠢᠯᠢ ᠬᠠᠰᠤᠵᠤ ᠬᠡᠯᠳᠦᠷᠢᠬᠦᠯᠬᠦ ᠳᠤᠬᠠᠢᠢᠯᠠᠭᠰᠠᠨ ᠠᠵᠢᠯ ᠢ ᠲᠦᠪᠯᠡᠷᠡᠬᠦᠯᠤᠨ ᠬᠢᠨᠠᠨ ᠬᠠᠷᠭᠤᠭᠤᠯᠬᠤ ᠦᠭᠡᠷᠡᠴᠢᠯᠡᠯᠳᠡ ᠵᠢ ᠠᠬᠢᠭᠤᠯᠤᠨ᠎ᠠ; ᠡᠳ᠋ᠰᠢᠬᠦᠯᠤᠨ ᠪᠤᠯᠪᠠᠰᠤᠷᠠᠭᠤᠯᠬᠤ ᠠᠷᠠᠯᠵᠢᠶ ᠠ ᠵᠢᠴᠢ ᠭᠠᠢᠢᠯᠢ ᠦᠭᠡᠢ ᠬᠢᠨᠠᠨ ᠬᠠᠮᠢᠶᠠᠷᠬᠤ ᠳᠤᠬᠠᠢᠢᠯᠠᠭᠰᠠᠨ ᠠᠵᠢᠯ ᠢ ᠲᠦᠪᠯᠡᠷᠡᠬᠦᠯᠦᠨ ᠬᠢᠨᠠᠨ ᠬᠠᠷᠭᠤᠭᠤᠯᠬᠤ ᠦᠭᠡᠷᠡᠴᠢᠯᠡᠯᠳᠡ ᠵᠢ ᠠᠬᠢᠭᠤᠯᠤᠨ᠎ᠠ; ᠪᠠᠢᠢᠴᠠᠭᠠᠨ ᠰᠢᠯᠭᠠᠵᠤ ᠬᠢᠨᠠᠨ ᠬᠠᠮᠢᠶᠠᠷᠬᠤ ᠵᠢ ᠲᠦᠪᠯᠡᠷᠡᠭᠦᠯᠬᠦ ᠦᠭᠡᠷᠡᠴᠢᠯᠡᠯᠳᠡ ᠵᠢ ᠠᠬᠢᠭᠤᠯᠤᠨ᠎ᠠ ; ᠲᠤᠭ᠎ᠠ ᠪᠦᠷᠢᠳᠬᠡᠯ ᠤᠨ ᠳᠤᠬᠠᠢᠢᠯᠠᠭᠰᠠᠨ ᠠᠵᠢᠯ ᠢ ᠲᠦᠪᠯᠡᠷᠡᠭᠦᠯᠬᠦ ᠦᠭᠡᠷᠡᠴᠢᠯᠡᠯᠳᠡ ᠶᠢ ᠠᠬᠢᠭᠤᠯᠤᠨ᠎ᠠ; ᠰᠡᠷᠭᠡᠢᠢᠯᠡᠨ ᠪᠠᠢᠢᠴᠠᠭᠠᠬᠤ ᠳᠤᠬᠠᠢᠢᠯᠠᠭᠰᠠᠨ ᠠᠵᠢᠯ ᠤᠨ ᠦᠭᠡᠷᠡᠴᠢᠯᠡᠯᠳᠡ ᠵᠢ ᠠᠬᠢᠭᠤᠯᠤᠨ᠎ᠠ; ᠠᠶᠦᠯ ᠲᠦᠭᠰᠢᠬᠦᠷᠢ ᠵᠢᠨ ᠬᠠᠮᠢᠶᠠᠷᠤᠯᠳᠠ ᠵᠢᠨ ᠳᠤᠬᠠᠢᠢᠯᠠᠭᠰᠠᠨ ᠠᠵᠢᠯ ᠤᠨ ᠦᠭᠡᠷᠡᠴᠢᠯᠡᠯᠳᠡ ᠵᠢ ᠠᠬᠢᠭᠤᠯᠤᠨ᠎ᠠ; ᠬᠠᠷᠢᠶ᠎ᠠ ᠪᠤᠭᠤᠮᠳᠠ ᠵᠢ ᠴᠢᠳᠠᠪᠬᠢᠵᠢᠭᠤᠯᠵᠤ ᠦᠭᠡᠷᠡᠴᠢᠯᠡᠨ ᠰᠠᠢᠢᠵᠢᠷᠠᠭᠤᠯᠤᠯᠳᠠ ᠵᠢ ᠠᠬᠢᠭᠤᠯᠬᠤ ᠵᠡᠷᠭᠡ ᠪᠤᠯᠤᠨ᠎ᠠ᠃ ᠬᠦᠬᠡᠬᠤᠳᠠ ᠪᠤᠭᠤᠮᠳᠠ ᠵᠢᠨ ᠳᠤᠬᠠᠢᠢᠯᠠᠭᠰᠠᠨ ᠠᠵᠢᠯ ᠤᠨ ᠶᠡᠷᠦᠩᠬᠡᠶᠢᠯᠡᠭᠰᠡᠨ ᠦᠭᠡᠷᠡᠴᠢᠯᠡᠯᠳᠡ ᠪᠤᠯ ᠰᠢᠰᠲ᠋᠋ᠸᠮᠳᠤ ᠦᠭᠡᠷᠡᠴᠢᠯᠡᠯᠳᠡ ᠵᠢᠨ ᠢᠨᠵᠸᠨ᠋ᠸᠷᠢᠡᠭ ᠪᠤᠯᠬᠤᠷ ᠪᠤᠭᠤᠮᠳᠠ ᠵᠢᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠴᠢᠳᠠᠪᠬᠢ ᠵᠢ ᠶᠡᠬᠡᠪᠡᠷ ᠲᠡᠭᠡᠭ᠍ᠰᠢᠯᠡᠭᠦᠯᠵᠤ᠂ ᠤᠷᠤᠨ ᠳᠠᠶᠠᠭᠠᠷ ᠤᠨ ᠭᠠᠳᠠᠭᠠᠳᠤ ᠨᠡᠭᠡᠭᠡᠯᠳᠡ ᠳᠤ ᠪᠦᠬᠦ ᠲᠠᠯ᠎ᠠ ᠵᠢᠨ ᠦᠢᠯᠡᠴᠢᠯᠡᠭᠡ ᠬᠠᠩᠭ᠋ᠠᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121445003