蒙古文网站Logo
ᠰᠢᠨᠬᠤᠸᠠ ᠮᠤᠩᠭ᠋ᠤᠯ ᠨᠧᠲ

ᠵᠠᠮ ᠬᠠᠷᠢᠯᠴᠠᠭᠠᠨ ᠤ ᠬᠥᠲᠥᠴᠢ ᠳᠡᠮᠳᠡᠭ ᠰᠦᠨᠢ ᠪᠡᠷ ᠠᠶᠠᠯᠠᠬᠤ ᠳᠤ ᠵᠠᠮᠴᠢᠯᠠᠪᠠ

2017-08-09 16:51

    ᠲᠦᠷᠦᠭᠦᠬᠡᠨ᠂ ᠴᠥᠭᠡᠨ ᠪᠤᠰᠤ ᠬᠤᠲᠠ ᠶᠢᠨ ᠢᠷᠭᠡᠳ ᠵᠠᠷᠢᠮ ᠵᠠᠮ ᠤᠨ ᠬᠡᠰᠡᠭ᠂ ᠵᠠᠮ ᠤᠨ ᠠᠭᠤᠯᠵᠠᠭᠤᠷ ᠤᠨ ᠵᠠᠮ ᠬᠠᠷᠢᠯᠴᠠᠭᠠᠨ ᠤ ᠤᠳᠤᠷᠢᠳᠤᠮᠵᠢ ᠶᠢᠨ ᠲᠡᠮᠳᠡᠭ ᠬᠤᠪᠢᠷᠠᠯᠲᠠ ᠲᠠᠢ ᠪᠤᠯᠤᠭᠰᠠᠨ ᠢ ᠠᠩᠬᠠᠷᠴᠤ ᠮᠡᠳᠡᠵᠠᠢ᠃

    8 ᠰᠠᠷ᠎ᠠ ᠶᠢᠨ 3 ᠤ ᠰᠦᠨᠢ᠂ ᠰᠤᠷᠪᠤᠯᠵᠢᠯᠠᠭᠴᠢ ᠬᠦᠬᠡᠬᠤᠲᠠ ᠶᠢᠨ ᠲᠤᠳᠤᠭᠠᠲᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠩᠬᠢ ᠡᠴᠡ ᠤᠶᠢᠯᠠᠭᠠᠭᠰᠠᠨ ᠢᠶᠡᠷ᠂ ᠲᠦᠷᠦᠭᠦᠬᠡᠨ᠂ ᠬᠦᠬᠡᠬᠤᠲᠠ ᠶᠢᠨ ᠵᠠᠷᠢᠮ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠬᠥᠲᠥᠴᠢ ᠲᠡᠮᠳᠡᠭ ᠰᠢᠨ᠎ᠠ ᠪᠡᠷ ᠨᠡᠮᠡᠭᠳᠡᠵᠤ ᠭᠡᠷᠡᠯᠳᠤᠭᠡᠳ ᠰᠦᠨᠢ ᠪᠡᠷ ᠮᠠᠰᠢᠨ ᠵᠢᠯᠤᠭᠤᠳᠤᠭᠴᠢᠳ ᠲᠤ ᠠᠮᠤᠷ ᠲᠦᠪᠰᠢᠨ ᠵᠠᠮ ᠬᠠᠷᠢᠯᠴᠠᠭᠠᠨ ᠤ ᠤᠷᠴᠢᠨ ᠢ ᠪᠤᠢ ᠪᠤᠯᠭᠠᠵᠠᠢ᠃ ᠰᠢᠨ᠎ᠠ ᠪᠡᠷ ᠨᠡᠮᠡᠭᠳᠡᠭᠰᠡᠨ ᠵᠠᠮ ᠬᠠᠷᠢᠯᠴᠠᠭᠠᠨ ᠤ ᠬᠥᠲᠥᠴᠢ ᠲᠡᠮᠳᠡᠭ ᠨᠢ ᠬᠠᠪᠲᠠᠭᠠᠢ ᠳᠤ ᠢᠯᠡᠷᠡᠬᠦ ᠬᠡᠯᠪᠡᠷᠢ ᠶᠢᠨLED ᠦᠪᠡᠷᠲᠡᠭᠡᠨ ᠬᠡᠷᠡᠯᠳᠦᠳᠡᠭ ᠵᠠᠮ ᠬᠠᠷᠢᠯᠴᠠᠭᠠᠨ ᠤ ᠬᠥᠲᠥᠴᠢ ᠪᠤᠯᠤᠨ᠎ᠠ᠃

    ᠲᠤᠰ ᠳᠡᠮᠳᠡᠭ ᠤᠨ ᠦᠵᠡᠭᠳᠡᠴᠡ ᠶᠢᠨ ᠬᠡᠮᠵᠢᠶ᠎ᠠ  ᠮᠡᠰᠢᠨ ᠤ ᠳ᠋ᠧᠩ ᠢᠶᠡᠷ ᠭᠡᠷᠡᠯᠳᠦᠭᠦᠯᠦᠭᠡᠳ ᠤᠯᠵᠤ ᠦᠵᠡᠳᠡᠭ ᠡᠩ ᠤᠨ ᠵᠠᠮ ᠬᠠᠷᠢᠯᠴᠠᠭᠠᠨ ᠤ ᠲᠡᠮᠳᠡᠭ ᠤᠨ ᠵᠠᠢ ᠶᠢ 60% ᠪᠠᠷ ᠤᠷᠲᠤᠳᠬᠠᠭᠰᠠᠨ ᠢᠶᠡᠷ ᠪᠠᠷᠠᠬᠤ ᠦᠭᠡᠢ ᠡᠩ ᠤᠨ ᠵᠠᠮ ᠤᠨ ᠳ᠋ᠸᠩ  ᠢ ᠪᠤᠳᠤᠪᠠᠯ 20% ᠪᠡᠷ ᠡᠨ᠋ᠸᠷᠭᠢ ᠠᠷᠪᠢᠯᠠᠬᠤ ᠶᠤᠮ ᠪᠠᠶᠢᠨ᠎ᠠ᠃ ᠳᠤᠲᠤᠷ᠎ᠠ ᠨᠢ ᠤᠭᠰᠠᠷᠠᠬᠰᠠᠨ ᠤᠬᠠᠭᠠᠯᠢᠭ ᠮᠡᠳᠡᠷᠡᠬᠦ ᠰᠢᠰᠲ᠋ᠸᠮ ᠨᠢ ᠤᠶᠢᠷ᠎ᠠ ᠬᠠᠪᠢ ᠶᠢᠨ ᠭᠡᠷᠡᠯᠳᠤᠴᠠ ᠶᠢ ᠦᠨᠳᠦᠰᠦᠯᠡᠨ ᠦᠪᠡᠷ ᠤᠨ ᠭᠡᠷᠡᠯᠲᠤᠴᠡ ᠪᠡᠨ ᠲᠤᠬᠢᠷᠠᠭᠤᠯᠵᠤ ᠴᠢᠳᠠᠳᠠᠭ᠃ ᠤᠳᠤᠬᠠᠨ ᠳᠤ᠂ ᠡᠨᠡᠬᠦ ᠰᠢᠨ᠎ᠠ ᠬᠡᠯᠪᠡᠷᠢ ᠶᠢᠨ ᠵᠠᠮ ᠬᠠᠷᠢᠯᠴᠠᠭᠠᠨ ᠤ ᠬᠥᠲᠥᠴᠢ ᠲᠡᠮᠳᠡᠭ ᠨᠢ ᠰᠢᠨᠬᠤᠸᠠ ᠶᠡᠬᠡ ᠵᠡᠭᠡᠯᠢ᠂ ᠬᠦᠯᠦᠨ ᠪᠤᠶᠢᠷ ᠵᠠᠮ᠂ ᠨᠢᠰᠬᠦ ᠤᠩᠭ᠋ᠤᠴᠠᠨ ᠤ ᠪᠠᠭᠤᠳᠠᠯ ᠤᠨ ᠵᠠᠮ᠂ ᠲᠸᠩ ᠹᠸᠢ ᠵᠠᠮ ᠵᠢᠴᠢ ᠬᠤᠷᠳᠤᠨ ᠤ ᠲᠤᠭᠤᠷᠢᠯ ᠵᠠᠮ ᠳᠤ ᠠᠰᠢᠭᠯᠠᠯᠳᠠ ᠳᠤ ᠤᠷᠤᠵᠠᠢ᠃ ᠳᠠᠷᠠᠭᠠᠴᠢ ᠪᠡᠷ ᠬᠦᠬᠡᠬᠤᠲᠠ ᠶᠢᠨ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠪᠠᠶᠢᠳᠠᠯ ᠢ ᠦᠨᠳᠦᠰᠦᠯᠡᠨ ᠠᠭᠠᠵᠢᠮ ᠢᠶᠡᠷ ᠲᠦᠭᠡᠮᠡᠯᠵᠢᠭᠦᠯᠬᠦ ᠪᠡᠷ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121457897