蒙古文网站Logo
ᠰᠢᠨᠬᠤᠸᠠ ᠮᠤᠩᠭ᠋ᠤᠯ ᠨᠧᠲ

37 ᠲᠦᠷᠦᠯ ᠤᠨ ᠦᠭᠡᠷᠡᠴᠢᠯᠡᠯᠳᠡ ᠶᠢᠨ ᠠᠮᠵᠢᠯᠳᠠ ᠤᠮᠠᠷᠠᠳᠤ ᠬᠢᠯᠢ ᠶᠢᠨ ᠠᠮᠢ ᠠᠬᠤᠢ ᠶᠢᠨ ᠠᠶᠤᠯᠬᠦᠢ ᠶᠢ ᠢᠪᠡᠭᠡᠵᠤ ᠪᠤᠢ

2017-08-10 17:06

    ᠤᠯᠤᠰ ᠤᠨ ᠭᠠᠵᠠᠷ ᠰᠢᠷᠤᠢ ᠶᠢᠨ ᠲᠠᠯᠠᠪᠠᠢ ᠶᠢᠨ 60% ᠨᠢ ᠨᠢᠬᠡᠨᠳᠡ ᠠᠮᠢ ᠠᠬᠤᠢ ᠶᠢᠨ ᠤᠯᠠᠭᠠᠨ ᠱᠤᠭᠤᠮ ᠤᠨ ᠬᠠᠮᠠᠭᠠᠯᠠᠯᠳᠠ ᠳᠤ ᠤᠷᠤᠵᠤ᠂ 10.2 ᠳ᠋ᠦᠩᠰᠢᠭᠤᠷ ᠮᠦ ᠪᠡᠯᠴᠢᠭᠡᠷ ᠨᠢ ᠲᠠᠯ᠎ᠠ ᠨᠤᠳᠤᠭ ᠤᠨ ᠠᠮᠢ ᠠᠬᠤᠢ ᠶᠢᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠳᠤ ᠤᠷᠤᠵᠤ᠂ 102 ᠤᠯᠤᠰ ᠤᠨ ᠦᠮᠴᠢᠯᠡᠯᠡᠳᠤ ᠤᠢ ᠶᠢᠨ ᠪᠠᠶᠢᠭᠠᠯᠢ ᠶᠢᠨ ᠤᠢ ᠶᠢ ᠠᠷᠠᠯᠵᠢᠶᠠᠯᠠᠨ ᠤᠭᠳᠤᠯᠬᠤ ᠶᠢ ᠪᠦᠬᠦ ᠲᠠᠯ᠎ᠠ ᠪᠡᠷ ᠵᠤᠭᠰᠤᠭᠠᠪᠠ ᠁ 2014 ᠤᠨ ᠡᠴᠡ ᠡᠬᠢᠯᠡᠨ 《 ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠪᠤᠯᠤᠨ ᠦᠬᠡᠷᠡᠴᠢᠯᠡᠯᠳᠡ ᠶᠢ ᠲᠦᠷᠭᠡᠳᠬᠡᠬᠦ  ᠰᠠᠨᠠᠯ》 ᠢ ᠭᠡᠷᠡᠭᠵᠢᠬᠦᠯᠦᠨ᠂ ᠦᠨᠦ ᠵᠢᠯ ᠪᠤᠯᠬᠤ ᠳᠤ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠳᠤ 37 ᠲᠦᠷᠦᠯ ᠤᠨ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠦᠭᠡᠷᠡᠴᠢᠯᠡᠯᠳᠡ ᠢᠯᠡᠳᠳᠡ ᠦᠷ᠎ᠡ ᠪᠦᠲᠦᠮᠵᠢ ᠤᠯᠵᠤ᠂ ᠮᠠᠨ ᠤ ᠤᠯᠤᠰ ᠤᠨ ᠤᠮᠠᠷᠠᠳᠤ ᠤᠷᠤᠨ ᠤ ᠠᠮᠢ ᠠᠬᠤᠢ ᠶᠢᠨ ᠠᠶᠤᠯᠬᠦᠢ ᠶᠢᠨ ᠬᠠᠯᠬᠠᠪᠴᠢ ᠶᠢᠨ ᠪᠠᠳᠤᠯᠠᠭ᠎ᠠ ᠶᠢ ᠴᠢᠩᠭ᠋ᠠᠳᠬᠠᠬᠤ ᠳᠤ ᠴᠢᠬᠤᠯᠠ ᠦᠢᠯᠡᠳᠤᠯ ᠦᠵᠡᠬᠦᠯᠵᠡᠢ᠃

    ᠤᠯᠤᠰ ᠤᠨ ᠤᠮᠠᠷᠠᠳᠤ ᠬᠢᠯᠢ ᠶᠢᠨ ᠨᠢᠬᠡᠨ ᠦᠵᠡᠰᠬᠦᠯᠡᠩᠳᠤ ᠦᠵᠡᠮᠵᠢ ᠶᠢᠨ ᠤᠷᠤᠨ ᠪᠤᠯᠤᠭᠰᠠᠨ ᠤ ᠬᠤᠪᠢ ᠳᠤ᠂ ᠤᠶᠢᠷ᠎ᠠ ᠶᠢᠨ ᠵᠢᠯ ᠤᠳ ᠲᠤ ᠦᠪᠦᠷ ᠮᠤᠩᠭ᠋ᠤᠯ ᠤᠨ ᠡᠯ᠎ᠡ ᠦᠨᠳᠦᠰᠦᠳᠡᠨ ᠤ ᠢᠷᠭᠡᠳ ᠰᠠᠬᠢᠨ ᠲᠡᠮᠨᠡᠯᠴᠡᠵᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠶᠤᠯᠬᠦᠢ ᠶᠢᠨ ᠬᠠᠯᠬᠠᠪᠴᠢ ᠶᠢ ᠴᠤᠭᠴᠠᠯᠠᠬᠤ ᠪᠡᠷ ᠴᠢᠷᠮᠠᠶᠢᠵᠤ᠂ ᠢᠯᠡᠷᠬᠡᠢ ᠦᠷ᠎ᠡ ᠪᠦᠲᠦᠮᠵᠢ ᠤᠯᠤᠭᠰᠠᠨ ᠪᠠᠶᠢᠨ᠎ᠠ᠃ ᠤᠳᠤ ᠪᠤᠯᠳᠠᠯ᠎ᠠ᠂ ᠦᠪᠦᠷ ᠮᠤᠩᠭ᠋ᠤᠯ ᠤᠨ ᠠᠮᠢ ᠠᠬᠤᠢ ᠶᠢᠨ ᠪᠠᠶᠢᠭᠤᠯᠤᠯᠳᠠ ᠵᠢᠯ ᠪᠦᠷᠢ 1000 ᠲᠦᠮᠡᠨ ᠮᠦ ᠶᠢᠨ ᠠᠬᠢᠴᠠ ᠪᠡᠷ ᠤᠷᠤᠭᠰᠢᠯᠠᠵᠤ᠂ ᠡᠯᠡᠰᠦᠷᠭᠡᠭ᠍ᠵᠢᠯ ᠪᠤᠯᠤᠨ ᠴᠦᠯᠵᠢᠯ ᠤᠨ ᠭᠠᠵᠠᠷ ᠤᠷᠤᠨ ᠤ ᠲᠠᠯᠠᠪᠠᠢ ᠵᠢᠯ ᠲᠠᠷᠠᠭᠠᠯᠠᠨ ᠪᠠᠭᠠᠰᠤᠭᠰᠠᠭᠠᠷ᠂ ᠪᠠᠭᠠᠰᠴᠤ ᠪᠠᠶᠢᠭ᠎ᠠ ᠲᠠᠯᠠᠪᠠᠢ ᠨᠢ ᠤᠯᠤᠰ ᠲᠠᠶᠠᠭᠠᠷ ᠤᠨ ᠲᠡᠷᠢᠬᠦᠨ ᠳᠤ ᠤᠷᠤᠵᠤ ᠪᠤᠢ᠃ ᠤᠢ ᠰᠢᠭᠤᠢ ᠶᠢᠨ ᠲᠠᠯᠠᠪᠠᠢ ᠪᠤᠯᠤᠨ ᠤᠢ ᠶᠢᠨ ᠨᠦᠬᠡᠴᠡ ᠶᠢᠨ ᠬᠤᠤᠰ ᠨᠡᠮᠡᠭᠳᠡᠯ ᠢ ᠵᠢᠯ ᠲᠠᠷᠠᠭᠠᠯᠠᠨ ᠪᠡᠶᠡᠯᠡᠬᠦᠯᠵᠤ ᠤᠯᠤᠰ ᠲᠠᠶᠠᠭᠠᠷ ᠤᠨ ᠴᠡᠪᠡᠷ ᠨᠡᠮᠡᠭᠳᠡᠯ ᠲᠠᠯᠠᠪᠠᠢ ᠶᠢᠨ ᠠᠷᠪᠠᠨ ᠤ ᠨᠢᠬᠡ ᠶᠢ ᠡᠵᠡᠯᠡᠵᠤ ᠪᠤᠢ᠃ ᠤᠢ ᠰᠢᠭᠤᠢ ᠶᠢᠨ ᠲᠠᠷᠬᠠᠯᠳᠠ ᠶᠢᠨ ᠨᠤᠷᠮ᠎ᠠ 1.03 ᠵᠠᠭᠤᠨ ᠤ ᠬᠤᠪᠢ ᠪᠡᠷ ᠲᠡᠭᠡᠭ᠍ᠰᠢᠯᠡᠵᠤ᠂ ᠤᠢ ᠰᠢᠭᠤᠢ ᠶᠢᠨ ᠲᠦᠷᠦᠯ᠂ ᠨᠠᠮᠤᠭᠳᠤ ᠭᠠᠵᠠᠷ ᠤᠨ ᠲᠦᠷᠦᠯ᠂ ᠵᠡᠷᠯᠢᠭ᠌᠍ ᠠᠮᠢᠳᠠᠨ ᠤᠷᠭᠤᠮᠠᠯ ᠤᠨ ᠲᠦᠷᠦᠯ᠂ ᠡᠯᠡᠰᠦᠨ ᠴᠦᠯ ᠤᠨ ᠲᠦᠷᠦᠯ ᠵᠡᠷᠬᠡ ᠤᠯᠠᠨ ᠲᠦᠷᠦᠯ ᠤᠨ ᠬᠠᠮᠠᠭᠠᠯᠠᠯᠳᠠ ᠶᠢᠨ ᠪᠦᠰᠡ ᠨᠢᠬᠡᠨᠳᠡ 143 ᠪᠠᠶᠢᠭᠤᠯᠤᠭᠳᠠᠵᠤ᠂ ᠲᠠᠯᠠᠪᠠᠢ ᠨᠢ 1.58 ᠳ᠋ᠦᠩᠰᠢᠭᠤᠷ ᠮᠦ ᠳᠤ ᠬᠦᠷᠴᠡᠢ᠃

    ᠠᠮᠢ ᠠᠬᠤᠢ ᠶᠢᠨ ᠪᠤᠯᠪᠠᠰᠤᠨ ᠤ ᠪᠠᠶᠢᠭᠤᠯᠤᠳᠠ ᠶᠢᠨ ᠦᠷ᠎ᠡ ᠪᠦᠲᠦᠮᠵᠢ ᠶᠢ ᠲᠠᠰᠤᠷᠠᠯᠳᠠ ᠦᠭᠡᠢ ᠦᠷᠭᠡᠳᠬᠡᠬᠦ ᠶᠢᠨ ᠲᠦᠯᠦᠬᠡ᠂ ᠦᠪᠦᠷ ᠮᠤᠩᠭ᠋ᠤᠯ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠺᠤᠮᠢᠰ ᠪᠠᠶᠢᠭᠤᠯᠵᠤ᠂ ᠬᠤᠯᠪᠤᠭᠳᠠᠯ ᠪᠦᠬᠦᠢ ᠲᠦᠷᠢᠮ ᠲᠤᠭᠳᠠᠭᠠᠵᠠᠢ᠂ 2016 ᠤᠨ ᠪᠤᠯᠬᠤ ᠳᠤ ᠦᠪᠦᠷ ᠮᠤᠩᠭ᠋ᠤᠯ ᠤᠢ ᠶᠢᠨ ᠦᠢᠯᠡᠰ ᠤᠨ ᠠᠮᠢ ᠠᠬᠤᠢ ᠶᠢᠨ 《 ᠲᠦᠷᠪᠡᠨ ᠵᠤᠷᠪᠤᠰ ᠤᠯᠠᠭᠠᠨ ᠱᠤᠭᠤᠮ》ᠪᠤᠯᠤᠨ 8.8 ᠳ᠋ᠦᠩᠰᠢᠭᠤᠷ ᠮᠦ ᠦᠨᠳᠦᠰᠦᠨ ᠲᠠᠯ᠎ᠠ ᠨᠤᠳᠤᠭ ᠤᠨ ᠤᠯᠠᠭᠠᠨ ᠱᠤᠭᠤᠮ ᠲᠤᠭᠳᠠᠭᠠᠵᠤ᠂ ᠤᠰᠤᠨ ᠤ ᠪᠠᠶᠠᠯᠢᠭ ᠤᠨ 《 ᠭᠤᠷᠪᠠᠨ ᠵᠤᠷᠪᠤᠰ ᠤᠯᠠᠭᠠᠨ ᠱᠤᠭᠤᠮ》 ᠤᠨ ᠡᠵᠡᠮᠳᠡᠬᠦ ᠲᠤᠭ᠎ᠠ ᠨᠤᠷᠮ᠎ᠠ ᠶᠢ ᠠᠶᠢᠮᠠᠭ ᠬᠤᠳᠠ᠂ ᠬᠤᠰᠢᠭᠤ ᠰᠢᠶᠠᠨ ᠳᠤ ᠲᠠᠷᠬᠠᠭᠠᠵᠤ᠂ 83 ᠬᠤᠰᠢᠭᠤ ᠰᠢᠶᠠᠨ ᠤ ᠡᠬᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ ᠤᠨ ᠬᠤᠪᠢᠶᠠᠷᠢᠯᠠᠯᠳᠠ ᠶᠢᠨ ᠠᠵᠢᠯ ᠢ ᠦᠨᠳᠦᠰᠦᠨ ᠳᠤ ᠪᠠᠨ ᠪᠡᠶᠡᠯᠡᠬᠦᠯᠵᠡᠢ᠃

    ᠡᠬᠦᠨ ᠤ ᠬᠠᠮᠳᠤ᠂ 《 ᠨᠠᠮ ᠤᠨ ᠬᠤᠷᠢᠶ᠎ᠠ᠂ ᠵᠠᠰᠠᠭ ᠤᠨ ᠤᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠡᠬᠦᠷᠬᠡ》 ᠶᠢ ᠲᠤᠭᠳᠠᠭᠠᠨ ᠬᠡᠷᠡᠭᠵᠢᠬᠦᠯᠵᠤ᠂ ᠬᠦᠯᠦᠨ ᠪᠤᠶᠢᠷ ᠬᠤᠳᠠ ᠤᠯᠤᠰ ᠤᠨ ᠵᠡᠷᠬᠡᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠬᠠᠷᠢᠭᠤᠴᠠᠯᠭᠠᠳᠠᠨ ᠤ ᠲᠦᠷᠢᠮ ᠤᠨ ᠲᠤᠷᠰᠢᠯᠳᠠ ᠶᠢᠨ ᠴᠢᠭ ᠢ ᠪᠠᠶᠢᠭᠤᠯᠵᠤ᠂ ᠤᠷᠤᠨ ᠲᠠᠶᠠᠭᠠᠷ ᠵᠢᠴᠢ ᠡᠯ᠎ᠡ ᠠᠶᠢᠮᠠᠭ ᠬᠤᠳᠠ ᠶᠢᠨ ᠭᠠᠵᠠᠷ ᠰᠢᠷᠤᠢ᠂ ᠤᠢ ᠰᠢᠭᠤᠢ᠂ ᠲᠠᠯ᠎ᠠ ᠨᠤᠳᠤᠭ᠂ ᠤᠰᠤ ᠪᠤᠯᠤᠨ ᠠᠭᠤᠷᠬᠠᠢ ᠵᠡᠷᠬᠡ ᠡᠬᠢ ᠪᠠᠶᠠᠯᠢᠭ ᠪᠤᠳᠠᠰ ᠤᠨ ᠬᠤᠪᠢᠷᠠᠯᠳᠠ ᠶᠢᠨ ᠲᠦᠷᠢᠮ ᠤᠨ ᠠᠵᠢᠯ ᠢ ᠪᠡᠶᠡᠯᠡᠬᠦᠯᠵᠡᠢ᠃ ᠬᠦᠯᠦᠨ ᠪᠤᠶᠢᠷ ᠬᠤᠳᠠ ᠪᠠᠰᠠ ᠤᠳᠤᠷᠢᠳᠬᠤ ᠺᠠᠳ᠋ᠷ ᠲᠤᠰᠢᠶᠠᠯ ᠡᠴᠡ ᠪᠠᠨ ᠪᠠᠭᠤᠬᠤ ᠳᠤ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠬᠢᠨᠠᠨ ᠪᠤᠳᠤᠯᠳᠠ ᠶᠢᠨ ᠲᠤᠷᠰᠢᠯᠳᠠ ᠶᠢᠨ ᠴᠢᠭ ᠪᠠᠶᠢᠭᠤᠯᠵᠠᠢ᠂ ᠷᠠᠰᠢᠶᠠᠨ ᠬᠤᠳᠠ ᠪᠤᠯᠤᠨ ᠡᠵᠡᠨ ᠬᠤᠷᠤᠭ᠎ᠠ ᠬᠤᠰᠢᠭᠤ ᠴᠤ ᠤᠳᠤᠷᠢᠳᠬᠤ ᠺᠠᠳ᠋ᠷ ᠲᠦ ᠪᠠᠶᠢᠭᠠᠯᠢ ᠶᠢᠨ ᠡᠬᠢ ᠪᠠᠶᠠᠯᠢᠭ ᠢ ᠪᠦᠬᠦ ᠲᠠᠯ᠎ᠠ ᠪᠡᠷ ᠬᠢᠨᠠᠨ ᠪᠤᠳᠤᠬᠤ ᠲᠤᠷᠰᠢᠯᠳᠠ ᠶᠢᠨ ᠴᠢᠭ ᠪᠠᠶᠢᠭᠤᠯᠤᠭᠰᠠᠨ ᠶᠤᠮ᠃ ᠡᠬᠦᠨ ᠡᠴᠡ ᠭᠠᠳᠠᠨ᠎ᠠ᠂ 《 ᠨᠠᠮ ᠵᠠᠰᠠᠭ ᠤᠨ ᠤᠳᠤᠷᠢᠳᠬᠤ ᠺᠠᠳ᠋ᠷ ᠠᠮᠢ ᠠᠬᠤᠢ ᠶᠢᠨ ᠤᠷᠴᠢᠨ ᠲᠤᠭᠤᠷᠢᠨ ᠤ ᠡᠪᠳᠡᠭᠳᠡᠯ ᠳᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠬᠡᠷᠡᠭᠵᠢᠬᠦᠯᠬᠦ ᠨᠠᠷᠢᠨ ᠲᠤᠬᠳᠠᠭᠠᠯ ( ᠲᠤᠷᠰᠢᠨ ᠬᠡᠷᠡᠭᠯᠡᠬᠦ)》  ᠲᠤᠭᠳᠠᠭᠠᠵᠤ᠂ 84 ᠲᠦᠷᠦᠯ ᠤᠨ ᠬᠠᠷᠢᠭᠤᠴᠠᠯᠭ᠎ᠠ ᠨᠡᠬᠡᠮᠵᠢᠯᠡᠬᠦ ᠶᠢᠨ ᠪᠤᠳᠠᠳᠦ ᠪᠠᠢᠢᠳᠠᠯ ᠢ ᠲᠤᠳᠤᠷᠬᠠᠶᠢᠯᠠᠵᠠᠢ᠃

    2017 ᠤᠨ ᠤ 7 ᠰᠠᠷ᠎ᠠ ᠶᠢᠨ 17 ᠤ ᠡᠳᠦᠷ᠂ ᠠᠮᠢ ᠠᠬᠤᠢ ᠶᠢᠨ ᠴᠢᠳᠠᠮᠵᠢ ᠶᠢ ᠪᠠᠲᠤᠯᠠᠬᠤ ᠪᠠ ᠬᠠᠮᠠᠭᠠᠯᠠᠬᠤ ᠪᠡᠷ ᠭᠤᠤᠯ ᠱᠤᠭᠤᠮ ᠪᠤᠯᠭᠠᠨ᠂ ᠠᠭᠤᠯᠠ ᠤᠰᠤ ᠤᠢ ᠲᠠᠷᠢᠶ᠎ᠠ ᠨᠠᠭᠤᠷ ᠤᠨ ᠰᠢᠰᠲ᠋ᠧᠮ ᠢ ᠬᠠᠮᠠᠭᠠᠯᠠᠬᠤ ᠱᠠᠭᠠᠷᠳᠠᠯᠭ᠎ᠠ ᠶᠤᠰᠤᠭᠠᠷ᠂ ᠥᠪᠡᠷᠲᠡᠬᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ《ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠢᠯᠭᠠᠨ ᠲᠤᠭᠳᠠᠭᠠᠬᠤ ᠶᠢᠨ ᠬᠠᠮᠲᠤ ᠡᠷᠡᠰ ᠬᠠᠮᠠᠭᠠᠯᠠᠬᠤ ᠠᠵᠢᠯ ᠤᠨ ᠲᠤᠬᠠᠢ ᠲᠦᠰᠦᠯ》ᠨᠡᠶᠢᠲᠡᠯᠡᠪᠠ᠃ ᠲᠦᠰᠦᠯ ᠤᠨ ᠱᠠᠭᠠᠷᠳᠠᠯᠭ᠎ᠠ ᠪᠡᠷ᠂ ᠥᠪᠦᠷ ᠮᠣᠩ᠋ᠭᠤᠯ ᠥᠨᠥ ᠵᠢᠯ ᠤᠨ ᠡᠴᠤᠰ ᠲᠤ 《ᠥᠪᠦᠷ ᠮᠣᠩ᠋ᠭᠤᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠲᠤᠭᠳᠠᠭᠠᠬᠤ ᠠᠩᠬᠠᠨ ᠤ ᠲᠦᠰᠦᠯ 》 ᠢ ᠪᠡᠶᠡᠯᠡᠬᠦᠯᠬᠦ ᠶᠢᠨ ᠵᠡᠷᠭᠡᠴᠡᠭᠡ 2018 ᠤᠨ ᠤ ᠳᠤᠤᠷ᠎ᠠ ᠬᠠᠭᠠᠰ ᠵᠢᠯ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠠᠷᠠᠯ ᠢ ᠤᠯᠤᠭᠰᠠᠨ ᠤ ᠳᠠᠷᠠᠭ᠎ᠠ ᠨᠡᠶᠢᠲᠡᠯᠡᠵᠤ ᠬᠡᠷᠡᠭᠵᠢᠬᠦᠯᠦᠨ᠎ᠠ᠂ 2020 ᠤᠨ ᠤ ᠵᠢᠯ ᠤᠨ ᠡᠴᠦᠰ ᠪᠤᠯᠬᠤ ᠡᠴᠡ ᠡᠮᠦᠨ᠎ᠠ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠲᠤᠭᠳᠠᠭᠠᠬᠰᠠᠨ ᠰᠠᠭᠤᠷᠢᠨ ᠳᠡᠭᠡᠷ᠎ᠠ ᠤᠷᠤᠨ ᠪᠠᠢᠢᠷᠢ ᠶᠢ ᠰᠢᠨᠵᠢᠯᠡᠨ ᠲᠤᠭᠳᠠᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ  ᠤᠨ ᠳᠦᠷᠢᠮ ᠲᠤᠭᠳᠠᠭᠠᠯ ᠢ ᠦᠨᠳᠤᠰᠤᠨ ᠳᠤ ᠪᠡᠨ ᠪᠠᠶᠢᠭᠤᠯᠤᠭᠠᠳ ᠠᠮᠢ ᠠᠬᠤᠢ ᠶᠢᠨ ᠣᠷᠤᠨ ᠵᠠᠢ ᠶᠢ ᠰᠢᠯᠢᠳᠡᠭᠵᠢᠬᠦᠯᠬᠦ ᠪᠠ ᠦᠷ᠎ᠠ ᠪᠦᠲᠦᠮᠵᠢᠲᠠᠢ ᠬᠠᠮᠠᠭᠠᠯᠠᠬᠤ ᠪᠡᠷ ᠳᠠᠮᠵᠢᠨ ᠠᠮᠢ ᠠᠬᠤᠢ ᠶᠢᠨ ᠴᠢᠳᠠᠮᠵᠢ ᠶᠢ ᠲᠤᠭᠳᠠᠪᠤᠷᠢᠲᠠᠢ ᠪᠠᠶᠢᠯᠭᠠᠨ᠎ᠠ᠂ 2023 ᠤᠨ ᠪᠤᠯᠬᠤ ᠳᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ  ᠢ ᠤᠯᠠᠮ ᠰᠢᠯᠢᠳᠡᠭᠵᠢᠬᠦᠯᠵᠦ᠂ ᠳᠦᠷᠢᠮ ᠲᠤᠭᠳᠠᠭᠠᠯ ᠢ ᠪᠦᠲᠦᠮᠵᠢᠲᠠᠢ ᠬᠡᠷᠡᠭᠵᠢᠬᠦᠯᠬᠦ ᠪᠡᠷ ᠳᠠᠮᠵᠢᠨ ᠠᠮᠢ ᠠᠬᠤᠢ ᠶᠢᠨ ᠴᠢᠳᠠᠮᠵᠢ ᠶᠢ ᠮᠡᠳᠡᠭᠳᠡᠮ᠎ᠠ ᠳᠡᠭᠡᠭ᠍ᠰᠢᠬᠦᠯᠵᠤ᠂ ᠠᠮᠢ ᠠᠬᠤᠢ ᠶᠢᠨ ᠠᠶᠤᠯᠬᠦᠢ ᠶᠢ ᠪᠦᠬᠦ ᠲᠠᠯ᠎ᠠ ᠪᠡᠷ ᠪᠠᠲᠤᠯᠠᠨ᠎ᠠ᠃

    ᠥᠪᠦᠷ ᠮᠣᠩ᠋ᠭᠤᠯ ᠤᠨ ᠥᠪᠡᠷᠲᠡᠬᠡᠨ ᠵᠠᠰᠬᠠᠤ ᠤᠷᠤᠨ ᠪᠠᠶᠢᠭᠤᠯᠤᠭᠳᠠᠬᠰᠠᠨ 70 ᠵᠢᠯ ᠤᠨ ᠤᠢ ᠶᠢᠨ ᠰᠢᠨ᠎ᠠ ᠡᠬᠢᠯᠡᠯᠲᠠ ᠶᠢᠨ ᠴᠡᠭ ᠲᠤ ᠥᠪᠦᠷ ᠮᠣᠩ᠋ᠭᠤᠯ ᠨᠢ ᠬᠦᠭ᠍ᠵᠢᠯᠲᠠ᠂ ᠠᠮᠢ ᠠᠬᠤᠢ ᠪᠠ ᠢᠷᠭᠡᠳ ᠤᠨ ᠠᠮᠢᠵᠢᠷᠠᠭ᠎ᠠ ᠶᠢ ᠡᠷᠡᠰ ᠰᠠᠬᠢᠵᠤ᠂ ᠲᠡᠭᠷᠢ ᠪᠡᠨ ᠨᠡᠩ ᠬᠦᠬᠡ᠂ ᠠᠭᠤᠯᠠ ᠪᠡᠨ ᠨᠡᠩ ᠨᠤᠭᠤᠭᠠᠨ᠂ ᠤᠰᠤ ᠪᠡᠨ ᠨᠡᠩ ᠲᠤᠩᠭ᠋ᠠᠯᠠᠭ᠂ ᠠᠭᠤᠷ ᠠᠮᠢᠰᠬᠤᠯ ᠢᠶᠡᠨ ᠨᠡᠩ ᠰᠤᠷᠭᠤᠭ᠂ ᠢᠷᠭᠡᠳ ᠢᠶᠡᠨ ᠨᠡᠩ ᠪᠠᠶᠠᠷᠲᠠᠢ᠂ ᠡᠬᠡ ᠤᠯᠤᠰ ᠤᠨ ᠢᠶᠡᠨ ᠤᠮᠠᠷᠠᠲᠤ ᠤᠷᠤᠨ ᠤ ᠴᠢᠬᠤᠯᠠ ᠠᠮᠢ ᠠᠬᠤᠢ ᠶᠢᠨ ᠠᠶᠤᠯᠬᠦᠢ ᠶᠢᠨ ᠬᠠᠯᠬᠠᠪᠴᠢ ᠪᠡᠨ ᠨᠡᠩ ᠪᠠᠲᠤ ᠪᠡᠬᠢ ᠪᠤᠯᠭᠠᠵᠤ᠂ ᠡᠬᠡ ᠤᠯᠤᠰ ᠤᠨ ᠢᠶᠡᠨ ᠤᠮᠠᠷᠠᠲᠤ ᠬᠢᠯᠢ ᠶᠢᠨ ᠡᠨᠡᠬᠦ ᠦᠵᠡᠮᠵᠢ ᠶᠢᠨ ᠤᠷᠤᠨ ᠢᠶᠡᠨ ᠨᠡᠩ ᠭᠤᠶᠤ ᠪᠤᠯᠭᠠᠨ᠎ᠠ᠃

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121464474