蒙古文网站Logo
ᠰᠢᠨᠬᠤᠸᠠ ᠮᠤᠩᠭ᠋ᠤᠯ ᠨᠧᠲ

ᠵᠤᠤ ᠵᠢᠶᠦ᠋ᠨ ᠤ ᠬᠠᠷᠢᠯᠠᠭᠰᠠᠨ ᠨᠤᠳᠤᠭ ᠦᠨᠢᠷ ᠦᠩᠰᠢᠭ ᠪᠤᠯᠵᠠᠢ

2017-08-11 17:51

    ᠰᠢᠨᠬᠤᠧᠠ ᠬᠤᠷᠢᠶ᠎ᠠ   ᠬᠦᠬᠡᠬᠤᠳᠠ ᠶᠢᠨ 8 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠢᠤᠢ ᠵᠢᠶᠠ) ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠦᠪ ᠬᠦᠬᠡᠬᠤᠳᠠ ᠨᠢ ᠡᠷᠳᠡᠨ ᠤ ᠦᠶ᠎ᠡ ᠳᠤ ᠵᠤᠤ ᠵᠢᠶᠦ᠋ᠨ ᠪᠤᠭᠤᠮᠳᠠ ᠭᠠᠷᠴᠤ ᠡᠨᠳᠡ ᠢᠷᠡᠭᠰᠡᠨ ᠢᠶᠡᠷ ᠢᠶᠡᠨ ᠪᠠᠰᠠ ᠨᠢᠬᠡᠨ ᠰᠠᠶᠢᠬᠠᠨ ᠠᠯᠳᠠᠷ ᠲᠠᠢ᠃ ᠦᠨᠦᠳᠦᠷ ᠳᠤᠰ ᠤᠷᠤᠨ ᠡᠳ᠋ ᠤᠨ ᠵᠠᠰᠠᠭ ᠨᠡᠶᠢᠬᠡᠮ ᠤᠨ ᠬᠦᠭᠵᠢᠯᠳᠡ ᠶᠢᠨ ᠬᠢᠷᠢ ᠳᠦᠪᠰᠢᠨ ᠢᠶᠡᠨ ᠳᠡᠬᠡᠭᠰᠢᠯᠡᠬᠦᠯᠦᠨ᠂ ᠦᠢᠯᠡᠴᠢᠯᠡᠬᠡ ᠪᠡᠷ ᠭᠤᠤᠯ ᠪᠤᠯᠭᠠᠨ ᠤᠯᠠᠨ ᠡᠰᠢᠴᠢᠯᠡᠭᠰᠡᠨ ᠬᠦᠭᠵᠢᠯᠳᠡ ᠲᠠᠢ᠂ ᠤᠯᠠᠨ ᠳᠤᠶᠢᠯᠳᠤ ᠳᠤᠯᠭᠠᠭᠤᠷᠢᠯᠠᠯ ᠲᠠᠢ ᠠᠵᠤ ᠦᠢᠯᠡᠰ ᠤᠨ ᠪᠦᠳᠦᠴᠡ ᠶᠢ ᠪᠦᠷᠢᠯᠳᠦᠬᠦᠯᠦᠭᠰᠡᠨ ᠪᠠᠶᠢᠨ᠎ᠠ᠃ ᠢᠷᠬᠡᠳ ᠤᠨ ᠠᠮᠢᠵᠢᠷᠠᠭᠠᠨ ᠳᠡᠬᠢ ᠬᠦᠷᠦᠩᠬᠡ ᠤᠷᠤᠭᠤᠯᠤᠯᠳᠠ ᠪᠡᠨ ᠳᠠᠰᠤᠷᠠᠯᠳᠠ ᠦᠬᠡᠢ ᠨᠡᠮᠡᠭᠳᠡᠬᠦᠯᠦᠨ ᠬᠤᠳᠠ ᠶᠢᠨ ᠤᠷᠤᠰᠢᠨ ᠠᠮᠢᠳᠤᠷᠠᠬᠤ ᠤᠷᠴᠢᠨ ᠢ ᠤᠯᠠᠮ ᠳᠠᠭᠠᠳᠠᠢ ᠪᠤᠯᠭᠠᠪᠠ᠃ ᠡᠯ᠎ᠡ ᠦᠨᠳᠦᠰᠦᠳᠡᠨ ᠪᠦᠯᠬᠦᠮᠳᠡᠨ ᠨᠢᠬᠳᠠᠷᠠᠵᠤ ᠳᠤᠰᠠᠯᠠᠯᠴᠠᠨ ᠬᠠᠮᠳᠤᠪᠠᠷ ᠰᠤᠷᠴᠤ ᠬᠠᠮᠳᠤᠪᠠᠷ ᠠᠵᠢᠯ ᠦᠢᠯᠡᠰ ᠡᠷᠬᠢᠯᠡᠨ ᠬᠠᠮᠳᠤᠪᠡᠷ ᠪᠠᠳᠠᠷᠠᠨ ᠬᠦᠭᠵᠢᠪᠡ᠃

    ᠡᠳ᠋ ᠤᠨ ᠵᠠᠰᠠᠭ ᠤᠨ ᠬᠦᠭᠵᠢᠯᠳᠡ ᠡᠬᠦᠯᠡ ᠬᠦᠯᠦᠭᠯᠡᠨ ᠳᠡᠬᠦᠯᠢᠪᠡ

    ᠤᠯᠠᠨ ᠦᠢᠯᠡᠴᠢᠯᠡᠬᠦᠷ ᠵᠡᠷᠬᠡᠴᠡᠬᠦᠯᠦᠨ ᠳᠠᠯᠪᠢᠭᠰᠠᠨ ᠮᠠᠰᠢᠨ ᠤ ᠳᠠᠯᠪᠢᠭᠤᠷ ᠳᠡᠬᠡᠷ᠎ᠡ ᠳᠤᠬᠢᠶᠠᠨ ᠤ ᠳ᠋ᠧᠩ ᠳᠦᠷᠬᠡᠨ ᠠᠨᠢᠪᠴᠢᠵᠤ᠂ ᠦᠩᠬᠢᠨᠡᠭᠰᠡᠨ ᠳᠠᠭᠤ ᠪᠦᠬᠦᠶᠢᠯᠡ ᠦᠷᠦᠬᠡᠨ ᠳᠤ ᠴᠤᠤᠷᠢᠶᠠᠯᠠᠨ᠎ᠠ ᠁ ᠡᠨᠡ ᠪᠤᠯ ᠬᠦᠬᠡᠬᠤᠳᠠ ᠶᠢᠨ ᠬᠤᠷᠢᠨᠬᠡᠷ ᠰᠢᠶᠠᠨ ᠳᠤ ᠪᠠᠶᠢᠭ᠎ᠠ ᠳᠤᠮᠳᠠᠳᠤ ᠤᠯᠤᠰ ᠤᠨ ᠴᠠᠬᠢᠯᠭᠠᠨ ᠬᠤᠯᠪᠤᠭᠠᠨ ᠤ ᠡᠬᠦᠯᠡᠨ ᠪᠤᠳᠤᠯᠳᠠ ᠶᠢᠨ ᠦᠪᠦᠷ ᠮᠤᠩᠭᠤᠯ ᠳ᠋ᠡᠬᠢ ᠰᠤᠷᠠᠭ ᠵᠠᠩᠬᠢ ᠶᠢᠨ ᠬᠦᠷᠢᠶᠡᠯᠡᠩ ᠪᠤᠯᠤᠨ᠎ᠠ᠃ ᠡᠨᠳᠡᠬᠢ ᠠᠵᠢᠯᠳᠠᠨ ᠤ ᠳᠠᠨᠢᠯᠴᠠᠭᠤᠯᠤᠭᠰᠠᠨ ᠢᠶᠡᠷ᠂ ᠡᠨᠳᠡ ᠤᠳᠤ ᠪᠡᠷ ᠨᠢᠬᠡᠨᠳᠡ 20 ᠭᠠᠷᠤᠢ ᠳᠦᠮᠡᠨ ᠦᠢᠯᠡᠴᠢᠯᠡᠬᠦᠷ ᠲᠠᠢ ᠪᠤᠯᠵᠤ ᠪᠠᠢ ᠳ᠋ᠦ᠋᠂ ᠠ ᠯᠢ ᠪᠠ ᠪᠠ᠂ ᠲᠧᠩ ᠰᠢᠶᠦ᠋ᠨ᠂ ᠰᠧᠤ ᠭᠧᠤ ᠵᠡᠷᠬᠡ ᠠᠵᠤ ᠠᠬᠤᠶᠢᠯᠠᠯ ᠤᠳ ᠤᠷᠤᠵᠤ ᠨᠤᠳᠤᠭᠰᠢᠵᠠᠢ᠃

    ᠰᠡᠬᠦᠯ ᠤᠨ ᠵᠢᠯ ᠤᠳ ᠲᠤ᠂ ᠳᠤᠬᠠᠢ ᠶᠢᠨ ᠭᠠᠵᠠᠷ ᠨᠢ ᠴᠠᠭ ᠠᠭᠠᠷ ᠰᠡᠷᠢᠬᠦᠨ᠂ ᠭᠧᠯᠤᠬᠢ ᠳᠤᠭᠳᠠᠭᠤᠨ᠂ ᠴᠠᠬᠢᠯᠭᠠᠨ ᠤ ᠦᠨ᠎ᠡ ᠳᠤᠤᠷ᠎ᠠ ᠵᠡᠷᠬᠡ ᠳᠠᠪᠠᠭᠤᠯᠢᠭ ᠲᠠᠭᠠᠨ ᠳᠦᠰᠢᠭᠯᠡᠨ ᠳᠤᠮᠤ ᠵᠠᠭᠪᠤᠷ ᠤᠨ ᠡᠬᠦᠯᠡᠨ ᠪᠤᠳᠤᠯᠳᠠ ᠶᠢᠨ ᠳ᠋ᠠᠶᠢᠲ᠋ᠠ ᠳᠦᠪ ᠪᠠᠶᠢᠭᠤᠯᠵᠤ᠂ ᠳᠤᠮᠤ ᠳ᠋ᠠᠶᠢᠲ᠋ᠠ ᠶᠢᠨ ᠬᠡᠷᠡᠭᠯᠡᠬᠡᠨ ᠤ ᠠᠵᠤ ᠠᠬᠤᠶᠢᠯᠠᠯ ᠢ 300 ᠭᠠᠷᠤᠢ ᠳᠠᠳᠠᠨ ᠤᠷᠤᠭᠤᠯᠵᠤ ᠤᠬᠠᠭᠠᠯᠢᠭ ᠬᠤᠳᠠ᠂ ᠴᠠᠬᠢᠮ ᠬᠤᠳᠠᠯᠳᠤᠭᠠᠨ ᠤ ᠶᠠᠪᠤᠳᠠᠯ᠂ ᠰᠤᠷᠠᠭ ᠵᠠᠩᠬᠢ ᠪᠠᠷ ᠢᠷᠬᠡᠳ ᠲᠤ ᠠᠰᠢᠭ ᠬᠦᠷᠳᠡᠬᠡᠬᠦ ᠵᠡᠷᠬᠡ ᠰᠠᠯᠪᠤᠷᠢ ᠳ᠋ᠤ ᠬᠦᠨᠵᠡᠬᠡᠢ ᠨᠡᠬᠡᠬᠡᠨ ᠰᠤᠳᠤᠯᠭ᠎ᠠ ᠦᠷᠨᠢᠬᠦᠯᠦᠭᠰᠡᠨ ᠪᠠᠶᠢᠨ᠎ᠠ᠃ ᠳᠤᠮᠤ ᠳ᠋ᠠᠶᠢᠲ᠋ᠠ ᠶᠢᠨ ᠠᠵᠤ ᠦᠢᠯᠡᠰ ᠢ ᠬᠦᠭᠵᠢᠬᠦᠯᠬᠦ ᠨᠢ ᠵᠦᠪᠬᠡᠨ ᠬᠦᠬᠡᠬᠤᠳᠠ ᠶᠢᠨ ᠰᠢᠨ᠎ᠡ ᠶᠢ ᠡᠬᠦᠳᠴᠤ ᠳᠤᠬᠢᠷᠠᠭᠤᠯᠤᠯᠳᠠ ᠬᠢᠬᠦ ᠪᠤᠳᠤᠯᠭ᠎ᠠ᠂ ᠡᠳ᠋ ᠤᠨ ᠵᠠᠰᠠᠭ ᠤᠨ ᠠᠮᠢᠵᠢᠷᠠᠯ ᠤᠨ ᠬᠦᠴᠦᠨ ᠢ ᠪᠤᠢ ᠪᠤᠯᠭᠠᠬᠤ ᠬᠤᠷᠢᠶᠠᠩᠭᠤᠢ ᠳᠦᠷᠢ ᠪᠤᠯᠬᠤ ᠶᠤᠮ᠃

    ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ᠂ ᠬᠤᠳᠠ ᠲᠠᠶᠠᠭᠠᠷ ᠰᠦᠨ ᠤ ᠠᠵᠤ ᠦᠢᠯᠡᠰ ᠬᠢᠬᠡᠳ ᠪᠢᠤᠯᠤᠬᠢ ᠡᠮ ᠬᠢᠬᠦ ᠵᠡᠷᠬᠡ ᠤᠯᠠᠮᠵᠢᠯᠠᠯᠳᠤ ᠳᠠᠪᠠᠭᠤᠯᠢᠭ ᠠᠵᠤ ᠦᠢᠯᠡᠰ ᠢ ᠤᠯᠠᠮ ᠨᠢᠬᠡ ᠠᠯᠬᠤᠮ ᠵᠠᠭᠪᠤᠷ ᠢᠶᠡᠨ ᠦᠬᠡᠷᠡᠴᠢᠯᠡᠨ ᠵᠡᠷᠬᠡᠯᠡᠯ ᠳᠡᠪᠰᠢᠬᠦ ᠶᠢ ᠠᠬᠢᠭᠤᠯᠵᠤ ᠰᠢᠨ᠎ᠡ ᠮᠠᠲ᠋ᠧᠷᠢᠶᠠᠯ᠂ ᠰᠢᠨ᠎ᠡ ᠡᠷᠴᠢᠮ ᠬᠦᠴᠦᠨ ᠤ ᠴᠠᠬᠢᠯᠭᠠᠨ ᠬᠦᠳᠡᠯᠬᠡᠬᠦᠷᠳᠤ ᠮᠠᠰᠢᠨ ᠵᠡᠷᠬᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠡᠷ ᠰᠡᠷᠬᠦᠨ ᠮᠠᠨᠳᠤᠵᠤ ᠪᠤᠢ ᠠᠵᠤ ᠦᠢᠯᠡᠰ ᠤᠨ ᠬᠦᠭᠵᠢᠯᠳᠡ ᠶᠢ ᠠᠬᠢᠭᠤᠯᠵᠤ ᠪᠠᠶᠢᠨ᠎ᠠ᠃ ᠍

    ᠰᠦᠨ ᠤ ᠠᠵᠤ ᠦᠢᠯᠡᠰ ᠪᠤᠯᠬᠤ ᠢ ᠯᠢ ᠪᠦᠯᠦᠭᠯᠡᠯ ᠢ ᠤᠳᠤᠷᠢᠳᠤᠨ ᠰᠦᠨ ᠤ ᠡᠬᠢ ᠰᠤᠷᠪᠤᠯᠵᠢ ᠶᠢᠨ ᠰᠠᠭᠤᠷᠢᠨ ᠤ ᠪᠠᠶᠢᠭᠤᠯᠤᠯᠳᠠ ᠪᠠ ᠰᠠᠭᠤᠷᠢ ᠰᠤᠳᠤᠯᠭᠠᠨ ᠤ ᠬᠢᠷᠢ ᠳᠦᠪᠰᠢᠨ ᠢ ᠳᠠᠰᠤᠷᠠᠯᠳᠠ ᠦᠬᠡᠢ ᠳᠡᠬᠡᠭᠰᠢᠯᠡᠬᠦᠯᠵᠤ᠂ ᠤᠬᠠᠭᠠᠯᠢᠭ ᠦᠢᠯᠡᠳᠪᠦᠷᠢ ᠪᠠᠶᠢᠭᠤᠯᠤᠨ ᠴᠠᠬᠢᠮ ᠬᠤᠳᠠᠯᠳᠤᠭ᠎ᠠ ᠶᠢ ᠰᠢᠯᠢᠳᠡᠭᠵᠢᠬᠦᠯᠵᠤ ᠮᠡᠳᠡᠭᠳᠡᠮ᠎ᠡ ᠠᠮᠵᠢᠯᠳᠠ ᠤᠯᠵᠠᠢ᠃

    ᠳᠦᠮᠡᠳ ᠵᠡᠬᠦᠨ ᠬᠤᠰᠢᠭᠤᠨ ᠤ ᠸᠧ ᠲᠧ ᠮᠠ ᠰᠢᠨ᠎ᠡ ᠡᠷᠴᠢᠮ ᠬᠦᠴᠦᠨ ᠤ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠳᠦᠰᠦᠯ ᠢ ᠳᠡᠮᠵᠢᠨ ᠪᠠᠶᠢᠭᠤᠯᠵᠤ᠂ ᠤᠶᠢᠷ᠎ᠠ ᠶᠢᠨ ᠬᠤᠭᠤᠴᠠᠭᠠᠨ ᠳᠤ ᠬᠡᠰᠡᠭ ᠪᠦᠯᠦᠭ ᠢ ᠨᠢ ᠠᠰᠢᠭᠯᠠᠯᠳᠠ ᠳᠤ ᠤᠷᠤᠭᠤᠯᠤᠭᠰᠠᠨ ᠪᠠ ᠡᠬᠢᠨ ᠤ ᠬᠤᠭᠤᠴᠠᠭᠠᠨ ᠤ ᠳᠦᠰᠦᠯ ᠳᠤ 7 ᠠᠵᠤ ᠠᠬᠤᠶᠢᠯᠠᠯ ᠢ ᠳᠠᠳᠠᠨ ᠤᠷᠤᠭᠤᠯᠵᠤ ᠦᠷ᠎ᠡ ᠪᠦᠳᠦᠮᠵᠢ ᠢᠯᠡᠷᠬᠡᠢ ᠪᠠᠶᠢᠨ᠎ᠠ᠃

    ᠤᠷᠤᠰᠢᠨ ᠠᠮᠢᠳᠤᠷᠠᠬᠤ ᠤᠷᠴᠢᠨ ᠰᠢᠨ᠎ᠡ ᠬᠤᠪᠢᠷᠠᠯᠳᠠ ᠲᠠᠢ ᠪᠤᠯᠪᠠ

    ᠬᠤᠳᠠ ᠶᠢᠨ ᠨᠤᠭᠤᠭᠠᠷᠠᠭᠤᠯᠤᠯᠳᠠ᠂ ᠴᠡᠴᠡᠷᠯᠢᠭ᠌ ᠤᠨ ᠪᠠᠶᠢᠭᠤᠯᠤᠯᠳᠠ᠂ ᠬᠤᠭ ᠨᠤᠪᠰᠢ ᠶᠢᠨ ᠴᠡᠪᠡᠷᠯᠡᠬᠡ᠂ ᠨᠡᠶᠢᠳᠡ ᠶᠢᠨ ᠵᠤᠷᠯᠤᠩ ᠤᠨ ᠬᠤᠪᠢᠰᠬᠠᠯ᠂ ᠬᠠᠭᠤᠴᠢᠨ ᠬᠤᠷᠢᠶᠠᠯᠠᠯ ᠤᠳ ᠤᠨ ᠵᠠᠰᠠᠨ ᠰᠢᠨᠡᠳᠬᠡᠯᠳᠡ ᠁ ᠡᠳᠡᠬᠡᠷ ᠢᠷᠬᠡᠳ ᠤᠨ ᠰᠡᠳᠬᠢᠯ ᠳᠤᠯᠠᠭᠠᠯᠠᠬᠤ ᠠᠮᠢᠵᠢᠷᠠᠭᠠᠨ ᠤ ᠳᠦᠰᠦᠯ ᠤᠳ ᠬᠦᠮᠦᠰ ᠤᠨ ᠠᠮᠢᠳᠤᠷᠠᠯ ᠤᠨ ᠤᠷᠴᠢᠨ ᠢ ᠰᠠᠶᠢᠨ ᠰᠠᠶᠢᠬᠠᠨ ᠪᠤᠯᠭᠠᠨ ᠦᠬᠡᠷᠡᠴᠢᠯᠡᠵᠤ ᠠᠮᠢᠳᠤᠷᠠᠯ ᠤᠨ ᠬᠢᠷᠢ ᠳᠦᠪᠰᠢᠨ ᠢ ᠳᠡᠬᠡᠭᠰᠢᠯᠡᠬᠦᠯᠦᠨ ᠬᠦᠷᠳᠡᠮᠵᠢ ᠶᠢᠨ ᠰᠡᠳᠬᠢᠭᠳᠡᠯ ᠢ ᠨᠢ ᠳᠡᠬᠡᠭᠰᠢᠯᠡᠬᠦᠯᠵᠡᠢ᠃

    ᠦᠩᠬᠡᠷᠡᠭᠰᠡᠨ ᠳᠤ ᠡᠬᠦᠳᠡ ᠭᠠᠷᠤᠮᠠᠭᠴᠠ ᠬᠤᠭ ᠨᠤᠪᠰᠢ ᠬᠦᠭᠯᠡᠷᠡᠴᠢᠬᠡᠭᠰᠡᠨ ᠪᠠᠶᠢᠳᠠᠭ᠂ ᠬᠡᠳᠦᠬᠡᠨ ᠰᠠᠷ᠎ᠠ ᠶᠢᠨ ᠬᠤᠭᠤᠷᠤᠨᠳᠤ ᠴᠡᠴᠡᠷᠯᠢᠭ᠌ ᠪᠤᠯᠤᠭᠠᠳ ᠬᠤᠪᠢᠷᠠᠴᠢᠬᠠᠯ᠎ᠠ ᠬᠡᠵᠤ ᠬᠦᠬᠡᠬᠤᠳᠠ ᠶᠢᠨ ᠰᠠᠶᠢᠬᠠᠨ ᠳᠤᠭᠤᠷᠢᠭ ᠤᠨ ᠠᠰᠠᠬᠠᠢ ᠴᠡᠴᠡᠷᠯᠢᠭ ᠤᠨ ᠬᠠᠪᠢ ᠳᠤ ᠰᠠᠭᠤᠳᠠᠭ ᠵᠠᠩ ᠵᠧ ᠶᠠᠷᠢᠵᠠᠢ᠃ ᠴᠡᠴᠡᠷᠯᠢᠭ ᠲᠤ ᠮᠤᠳᠤ ᠤᠯᠠᠨ ᠠᠭᠤᠷ ᠠᠮᠢᠰᠬᠤᠯ ᠰᠠᠶᠢᠬᠠᠨ᠂ ᠳᠡᠷᠡ ᠡᠳᠦᠷ ᠪᠦᠷᠢ ᠡᠨᠳᠡ ᠢᠷᠡᠵᠤ ᠵᠤᠭᠠᠯᠠᠳᠠᠭ ᠬᠡᠨ᠎ᠡ᠃

    ᠡᠨᠡ ᠵᠢᠯ᠂ ᠪᠦᠬᠦ ᠢᠷᠬᠡᠳ ᠤᠨ ᠤᠷᠤᠯᠴᠠᠯᠭ᠎ᠠ ᠲᠠᠢ ᠤᠷᠴᠢᠨ ᠳᠤᠭᠤᠷᠢᠨ ᠤ ᠶᠡᠷᠦᠩᠬᠡᠶᠢᠯᠡᠭᠰᠡᠨ ᠵᠠᠰᠠᠨ ᠴᠡᠭᠴᠡᠯᠡᠯᠳᠡ ᠶᠢᠨ ᠠᠵᠢᠯᠯᠠᠭ᠎ᠠ ᠵᠤᠬᠢᠶᠠᠨ ᠪᠠᠶᠢᠭᠤᠯᠵᠤ᠂ ᠪᠠᠷᠢᠯᠭ᠎ᠠ ᠶᠢᠨ ᠦᠯᠡᠳᠡᠭᠳᠡᠯ᠂ ᠬᠠᠶᠠᠭᠳᠠᠮᠠᠯ ᠪᠤᠳᠠᠰ ᠢ ᠴᠡᠪᠡᠷᠯᠡᠵᠤ 140 ᠭᠠᠷᠤᠢ ᠬᠡᠰᠡᠭ ᠲᠤ ᠰᠢᠨ᠎ᠡ ᠪᠡᠷ ᠴᠡᠴᠡᠷᠯᠢᠭ ᠪᠠᠶᠢᠭᠤᠯᠤᠨ ᠡᠯ᠎ᠡ ᠳᠦᠷᠦᠯ ᠤᠨ ᠮᠤᠳᠤ ᠤᠷᠭᠤᠮᠠᠯ 2000 ᠳᠦᠮᠡᠨ ᠰᠢᠷᠬᠡᠭ ᠳᠠᠷᠢᠭᠰᠠᠨ ᠢᠶᠡᠷ ᠬᠤᠳᠠ ᠶᠢᠨ ᠤᠷᠴᠢᠨ ᠮᠤᠨᠳᠠᠭ ᠶᠡᠬᠡ ᠬᠤᠪᠢᠷᠠᠯᠳᠠ ᠭᠠᠷᠴᠠᠢ᠃

    ᠬᠦᠬᠡᠬᠤᠳᠠ ᠶᠢᠨ ᠢᠤᠢ ᠴᠢᠤᠧᠠᠨ ᠳᠤᠭᠤᠷᠢᠭ ᠤᠨ ᠵᠡᠬᠦᠨ ᠡᠦ ᠯᠢ ᠳᠤᠰᠬᠤᠨ ᠤ ᠢᠷᠬᠡᠨ ᠸᠠᠩ ᠵᠢᠶᠠᠨ ᠭᠤᠧᠠᠩ ᠦᠷᠬᠦᠯᠵᠢ ᠬᠡᠷ ᠤᠨ ᠢᠶᠡᠨ ᠤᠶᠢᠷᠠᠯᠴᠠᠭᠠᠬᠢ ᠤᠯᠠᠨ ᠴᠢᠳᠠᠪᠬᠢᠳᠤ ᠨᠡᠶᠢᠳᠡ ᠶᠢᠨ ᠵᠤᠷᠯᠤᠩ -《ᠬᠦᠬᠡ ᠬᠤᠳᠠ ᠦᠷᠳᠡᠬᠡ》 ᠳᠤ ᠬᠦᠷᠴᠤ ᠬᠦᠯ ᠠᠮᠠᠷᠠᠳᠠᠭ ᠪᠠᠶᠢᠯ᠎ᠠ᠃ ᠡᠨᠡᠬᠦ 255 ᠺᠦᠧᠠᠳ᠋ ᠮᠧᠲ᠋ᠷ ᠳᠠᠯᠠᠪᠠᠢ ᠲᠠᠢ ᠦᠷᠳᠡᠬᠡ ᠳᠤ ᠳᠠᠭᠤᠤ ᠬᠦᠭᠵᠢᠮᠳᠤ ᠴᠠᠢ ᠶᠢᠨ ᠮᠤᠬᠤᠯᠠᠭ᠂ ᠬᠡᠳᠦ ᠳᠡᠯᠬᠡᠬᠦᠷ᠂ A ᠬᠡᠯᠪᠡᠷᠢ ᠶᠢᠨ ᠨᠡᠶᠢᠳᠡ ᠶᠢᠨ ᠵᠤᠷᠯᠤᠩ ᠵᠡᠷᠬᠡ ᠨᠢᠬᠡ ᠴᠤᠭᠴᠠᠵᠢᠭᠤᠯᠤᠭᠰᠠᠨ ᠴᠢᠳᠠᠪᠬᠢ ᠲᠠᠢ᠃

    ᠸᠠᠩ ᠵᠢᠶᠠᠨ ᠭᠤᠧᠠᠩ᠂ ᠤᠤᠯ ᠨᠢ ᠤᠶᠢᠷ᠎ᠠ ᠬᠠᠪᠢ ᠳᠤ ᠨᠡᠶᠢᠳᠡ ᠶᠢᠨ ᠵᠤᠷᠯᠤᠩ ᠪᠠᠶᠢᠭᠰᠠᠨ ᠦᠬᠡᠢ᠂ ᠬᠦᠮᠦᠰ ᠡᠨᠳᠡ ᠳᠡᠨᠳᠡ ᠳᠤᠷᠠᠪᠠᠷ ᠢᠶᠡᠨ ᠮᠤᠷᠢ ᠬᠠᠷᠠᠬᠤ ᠶᠢ ᠦᠷᠬᠦᠯᠵᠢ ᠤᠯᠵᠤ ᠬᠠᠷᠠᠳᠠᠭ ᠪᠠᠶᠢᠯ᠎ᠠ᠃ ᠤᠳᠤ ᠳᠦᠬᠦᠮ ᠪᠤᠯᠵᠠᠢ᠂ ᠪᠠᠰᠠ ᠠᠮᠠᠷᠠᠴᠢᠬᠠᠨ᠎ᠠ᠂ ᠶᠠᠭᠤᠮ᠎ᠠ ᠠᠪᠴᠢᠬᠠᠨ᠎ᠠ ᠬᠡᠵᠡᠢ᠃

    ᠬᠦᠬᠡᠬᠤᠳᠠ ᠨᠢ ᠡᠨᠡ ᠵᠢᠯ ᠨᠡᠶᠢᠳᠡ 9000 ᠨᠡᠶᠢᠳᠡ ᠶᠢᠨ ᠵᠤᠷᠯᠤᠩ ᠪᠠᠷᠢᠵᠤ᠂ 1000 ᠭᠠᠷᠤᠢ ᠶᠢ ᠨᠢ ᠠᠰᠢᠭᠯᠠᠯᠳᠠ ᠳᠤ ᠤᠷᠤᠭᠤᠯᠤᠨ ᠢᠷᠬᠡᠳ ᠲᠤ ᠳᠦᠬᠦᠮ ᠨᠦᠬᠦᠴᠡᠯ ᠬᠠᠩᠭᠠᠵᠠᠢ᠃

    ᠡᠯ᠎ᠡ ᠦᠨᠳᠦᠰᠦᠳᠡᠨ ᠤ ᠢᠷᠬᠡᠳ ᠪᠦᠯᠬᠦᠮᠳᠡᠨ ᠳᠡᠮᠨᠡᠯᠴᠡᠪᠡ

    《56 ᠦᠨᠳᠦᠰᠦᠳᠡᠨ ᠨᠢᠬᠡᠨ ᠬᠡᠷ ᠪᠦᠯᠢ ᠰᠢᠭ᠌᠂ ᠪᠠᠰᠠ ᠶᠠᠭ ᠯᠡ ᠴᠡᠴᠡᠭᠳᠤ ᠬᠦᠷᠢᠶᠡᠯᠡᠩ ᠳᠤ ᠳᠡᠯᠬᠡᠷᠡᠭᠰᠡᠨ ᠦᠩᠬᠡ ᠶᠢᠨ ᠴᠡᠴᠡᠬᠡᠰ ᠰᠢᠭ᠌ ᠁》 ᠢᠤᠢ ᠴᠢᠤᠧᠠᠨ ᠳᠤᠭᠤᠷᠢᠭ ᠤᠨ ᠴᠢᠩ ᠴᠢᠤᠧᠠᠨ ᠵᠡᠬᠡᠯᠢ ᠶᠢᠨ ᠨᠡᠶᠢᠬᠡᠮ ᠳᠤᠭᠤᠷᠢᠭ ᠲᠤ ᠵᠤᠬᠢᠶᠠᠨ ᠪᠠᠶᠢᠭᠤᠯᠤᠭᠰᠠᠨ 《ᠦᠨᠳᠦᠰᠦᠳᠡᠨ ᠤ ᠪᠦᠯᠬᠦᠮᠳᠡᠯ•ᠰᠠᠭᠠᠬᠠᠯᠳᠠ ᠶᠢᠨ ᠰᠡᠳᠬᠢᠯ》 ᠬᠡᠮᠡᠬᠦ ᠠᠵᠢᠯᠯᠠᠭ᠎ᠠ ᠪᠡᠷ ᠮᠤᠩᠭᠤᠯ᠂ ᠬᠤᠳᠤᠩ ᠦᠨᠳᠦᠰᠦᠳᠡᠨ ᠤ ᠬᠤᠪᠴᠠᠰᠤ ᠵᠠᠰᠠᠯ ᠡᠮᠦᠰᠦᠭᠰᠡᠨ ᠰᠠᠭᠤᠭᠠᠯᠢ ᠢᠷᠬᠡᠳ ᠳᠠᠭᠤᠯᠠᠨ ᠪᠦᠵᠢᠭᠯᠡᠨ᠎ᠡ᠃ ᠳᠤᠭᠯᠠᠯᠳᠠ ᠳᠠᠭᠤᠰᠬᠤ ᠦᠶ᠎ᠡ ᠪᠡᠷ᠂ ᠬᠤᠳᠤᠩ ᠦᠨᠳᠦᠰᠦᠳᠡᠨ ᠤ ᠢᠷᠬᠡᠨ ᠵᠢᠨ ᠰᠢᠦ ᠮᠧᠢ ᠬᠡᠯᠡᠬᠦ ᠳᠤ ᠪᠡᠨ᠂ ᠦᠳᠡ ᠳᠤ ᠬᠠᠮᠳᠤᠪᠠᠷ ᠱᠤᠤᠮᠠᠢ ᠪᠠᠷᠢᠵᠤ ᠬᠠᠮᠳᠤᠪᠠᠷ ᠬᠤᠭᠤᠯᠠᠯᠠᠬᠤ ᠶᠤᠮ ᠬᠡᠨ᠎ᠡ᠃ ᠳᠡᠷᠡ ᠮᠢᠬ᠎ᠠ ᠨᠤᠭᠤᠭ᠎ᠠ ᠭᠤᠯᠢᠷ ᠢᠶᠡᠨ ᠠᠯᠢ ᠡᠷᠳᠡ ᠪᠡᠯᠡᠳᠬᠡᠴᠢᠬᠡᠭᠰᠡᠨ᠂ ᠠᠵᠢᠯᠯᠠᠭ᠎ᠠ ᠳᠤ ᠤᠷᠤᠯᠴᠠᠭᠰᠠᠨ ᠮᠤᠩᠭᠤᠯ᠂ ᠳᠠᠭᠤᠷ᠂ ᠬᠢᠳᠠᠳ ᠦᠨᠳᠦᠰᠦᠳᠡᠨ ᠤ ᠨᠠᠰᠤᠳᠠᠳ ᠢ ᠬᠠᠯᠠᠭᠤᠮᠰᠤᠭ ᠢᠶᠡᠷ ᠵᠤᠴᠢᠯᠠᠨ᠎ᠠ᠃

    ᠴᠢᠩ ᠴᠢᠤᠧᠠᠨ ᠨᠡᠶᠢᠬᠡᠮ ᠳᠤᠭᠤᠷᠢᠭ ᠤᠨ ᠰᠠᠭᠤᠭᠠᠯᠢ ᠢᠷᠬᠡᠳ ᠤᠨ ᠵᠦᠪᠯᠡᠯ ᠤᠨ ᠡᠷᠬᠢᠯᠡᠭᠴᠢ ᠷᠧᠨ ᠡᠾᠧ ᠰᠢᠶᠠᠩ᠂ ᠡᠨᠳᠡ ᠬᠢᠳᠠᠳ᠂ ᠬᠤᠳᠤᠩ᠂ ᠮᠤᠩᠭᠤᠯ ᠵᠡᠷᠬᠡ ᠤᠯᠠᠨ ᠦᠨᠳᠦᠰᠦᠳᠡᠨ ᠤ 9000 ᠭᠠᠷᠤᠢ ᠬᠦᠮᠦᠨ ᠤᠷᠤᠰᠢᠨ ᠠᠮᠢᠳᠤᠷᠠᠳᠠᠭ᠃ ᠡᠶᠢᠮᠤ ᠡᠴᠡ ᠦᠨᠳᠦᠰᠦᠳᠡᠨ ᠤ ᠠᠵᠢᠯ ᠢ ᠮᠠᠰᠢ ᠴᠢᠬᠤᠯᠠᠴᠢᠯᠠᠨ ᠦᠵᠡᠵᠤ᠂ ᠴᠦᠬᠡᠨ ᠳᠤᠭᠠᠳᠤ ᠦᠨᠳᠦᠰᠦᠳᠡᠨ ᠤ ᠤᠯᠠᠨ ᠳᠦᠮᠡᠨ ᠳᠤ ᠬᠡᠷᠡᠭ ᠤᠴᠢᠷ ᠰᠢᠶ᠋ᠳᠪᠦᠷᠢᠯᠡᠬᠦ ᠰᠢᠭᠤᠷᠬᠠᠢ ᠵᠠᠮ ᠨᠡᠬᠡᠬᠡᠵᠤ᠂ ᠨᠦᠬᠦᠴᠡᠯ ᠳᠤ ᠨᠡᠶᠢᠴᠡᠬᠦ ᠴᠦᠬᠡᠨ ᠳᠤᠭᠠᠳᠤ ᠦᠨᠳᠦᠰᠦᠳᠡᠨ ᠤ 16 ᠢᠷᠬᠡᠨ ᠤ ᠳᠤᠤᠷ᠎ᠠ ᠪᠠᠳᠤᠯᠠᠭᠠᠳᠤ ᠡᠷᠦᠬᠡ ᠶᠢᠨ ᠭᠤᠶᠤᠴᠢᠯᠠᠯ ᠢ ᠤᠷᠢᠳᠠᠪᠠᠷ ᠬᠦᠢᠴᠡᠳᠬᠡᠨ᠂ 53 ᠡᠷᠦᠬᠡ ᠳᠤ ᠬᠢᠮᠳᠠ ᠳᠦᠷᠢᠶᠡᠰᠦᠨ ᠬᠡᠷ ᠪᠤᠯᠤᠨ ᠨᠡᠶᠢᠳᠡ ᠶᠢᠨ ᠳᠦᠷᠢᠶᠡᠰᠦᠨ ᠬᠡᠷ ᠤᠯᠵᠤ ᠦᠭᠬᠦᠭᠰᠡᠨ ᠪᠠᠶᠢᠨ᠎ᠠ᠃

    ᠤᠯᠠᠨ ᠵᠢᠯ ᠤᠨ ᠳᠤᠷᠰᠢ᠂ ᠬᠦᠬᠡᠬᠤᠳᠠ ᠨᠢ ᠨᠠᠮ ᠤᠨ ᠦᠨᠳᠦᠰᠦᠳᠡᠨ ᠤ ᠳᠤᠬᠠᠢ ᠳᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠡᠷ ᠳᠤᠤᠱᠯᠠᠭᠤᠯᠵᠤ᠂ ᠴᠦᠬᠡᠨ ᠳᠤᠭᠠᠳᠤ ᠦᠨᠳᠦᠰᠦᠳᠡᠨ ᠤ ᠬᠠᠤᠯᠢ ᠶᠤᠰᠤᠨ ᠤ ᠡᠷᠬᠡ ᠠᠰᠢᠭ ᠢ ᠪᠠᠳᠤᠯᠠᠭᠰᠠᠨ ᠪᠠᠶᠢᠨ᠎ᠠ᠃ 2012 ᠤᠨ ᠡᠴᠡ ᠡᠬᠢᠯᠡᠨ ᠵᠢᠯ ᠳᠤ 200 ᠳᠦᠮᠡᠨ ᠳᠦᠬᠦᠷᠢᠭ ᠤᠨ ᠦᠨᠳᠦᠰᠦᠳᠡᠨ ᠤ ᠰᠤᠷᠭᠠᠨ ᠬᠦᠮᠦᠵᠢᠯ ᠤᠨ ᠹᠤᠨᠳ᠋ ᠪᠠᠶᠢᠭᠤᠯᠪᠠ; ᠮᠤᠩᠭᠤᠯ ᠬᠢᠳᠠᠳ ᠡᠮ ᠡᠮᠨᠡᠯᠬᠡ ᠶᠢᠨ ᠪᠠᠶᠢᠭᠤᠯᠤᠮᠵᠢ ᠶᠢᠨ ᠡᠮᠨᠡᠯᠬᠡ ᠳᠤ ᠰᠠᠭᠤᠵᠤ ᠡᠮᠴᠢᠯᠡᠬᠦᠯᠬᠦ ᠳᠦᠯᠦᠪᠦᠷᠢ ᠶᠢᠨ ᠪᠠᠷᠢᠮᠵᠢᠶ᠎ᠠ ᠶᠢ ᠪᠠᠭᠠᠰᠬᠠᠵᠤ᠂ ᠮᠤᠩᠭᠤᠯ ᠬᠢᠳᠠᠳ ᠡᠮ ᠤᠨ ᠬᠡᠷᠡᠭᠯᠡᠬᠡᠨ ᠤ ᠬᠦᠷᠢᠶ᠎ᠡ ᠬᠡᠪᠴᠢᠶ᠎ᠡ ᠶᠢ ᠳᠡᠯᠡᠨ᠂ ᠦᠨᠳᠦᠰᠦᠳᠡᠨ ᠤ ᠡᠮ ᠡᠮᠨᠡᠯᠬᠡ ᠶᠢᠨ ᠬᠦᠭᠵᠢᠯᠳᠡ ᠶᠢ ᠠᠬᠢᠭᠤᠯᠪᠠ; 140 ᠳᠦᠮᠡᠨ ᠳᠦᠬᠦᠷᠢᠭ ᠤᠨ ᠬᠦᠷᠦᠩᠬᠡ ᠪᠠᠭᠤᠯᠭᠠᠵᠤ ᠴᠦᠬᠡᠨ ᠳᠤᠭᠠᠳᠤ ᠦᠨᠳᠦᠰᠦᠳᠡᠨ ᠤ ᠤᠯᠠᠨ ᠳᠦᠮᠡᠨ ᠳᠤ ᠦᠢᠯᠡᠴᠢᠯᠡᠬᠦ 《ᠦᠨᠳᠦᠰᠦᠳᠡᠨ ᠤ ᠬᠡᠷ ᠪᠦᠯᠢ 》11 ᠶᠢ ᠪᠠᠶᠢᠭᠤᠯᠪᠠ ᠁ ᠡᠯ᠎ᠡ ᠦᠨᠳᠦᠰᠦᠳᠡᠨ ᠤ ᠺᠠᠳ᠋ᠷ ᠤᠯᠠᠨ ᠳᠦᠮᠡᠨ ᠰᠡᠳᠬᠢᠯ ᠨᠢᠬᠡᠳᠦᠨ ᠡᠶ᠎ᠡ ᠨᠠᠶᠢᠷ ᠲᠠᠢ ᠳᠡᠮᠨᠡᠯᠴᠡᠵᠤ᠂ ᠦᠨᠳᠦᠰᠦᠳᠡᠨ ᠤ ᠶᠡᠬᠡ ᠪᠦᠯᠬᠦᠮᠳᠡᠯ᠂ ᠰᠤᠶᠤᠯ ᠤᠨ ᠦᠷᠨᠢᠩᠬᠦᠢ ᠬᠦᠭᠵᠢᠯᠳᠡ ᠶᠢᠨ ᠨᠠᠶᠢᠷᠠᠯ ᠬᠦᠭᠵᠢᠮ ᠢ ᠴᠢᠪᠬᠠᠳᠠᠭᠰᠠᠭᠠᠷ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121470630