蒙古文网站Logo
ᠰᠢᠨᠬᠤᠸᠠ ᠮᠤᠩᠭ᠋ᠤᠯ ᠨᠧᠲ

ᠤᠷᠳᠤᠰ ᠡᠴᠡ ᠢᠨᠳᠦᠨᠧᠰᠢᠶ᠎ᠠ ᠬᠦᠷᠬᠦ ᠰᠢᠭᠤᠳ ᠨᠢᠰᠦᠯᠬᠡ  ᠨᠡᠪᠳᠡᠷᠡᠪᠡ

2017-08-15 11:08

    8 ᠰᠠᠷ᠎ᠠ ᠶᠢᠨ 12 ᠤᠨ ᠡᠳᠤᠷ ᠤᠨ 7᠄ 20 ᠴᠠᠭ ᠲᠤ᠂ ᠢᠨᠳᠦᠨᠧᠰᠢᠶ᠎ᠠ ᠬᠤᠳᠠ ᠶᠢᠨ ᠬᠤᠷᠳᠤᠨ ᠤ ᠱᠤᠭᠤᠮ ᠤᠨ ᠠᠭᠠᠷ ᠠᠶᠠᠯᠠᠯ ᠤᠨ ᠺᠤᠮᠫᠠᠨᠢ ᠶᠢᠨ 170 ᠭᠠᠳᠠᠭᠠᠳᠤ ᠶᠢᠨ ᠠᠶᠠᠨᠴᠢᠨ ᠲᠠᠢ ᠨᠢᠬᠡᠨ ᠨᠢᠰᠬᠦ ᠤᠩᠭ᠋ᠤᠴᠠ ᠤᠷᠳᠤᠰ ᠬᠤᠳᠠ ᠶᠢᠨ ᠤᠯᠠᠨ ᠤᠯᠤᠰ ᠤᠨ ᠨᠢᠰᠬᠦ ᠤᠩᠭ᠋ᠤᠴᠠᠨ ᠤ ᠪᠠᠭᠤᠳᠠᠯ ᠳᠤ ᠠᠭᠠᠵᠢᠮ ᠭᠠᠵᠠᠷᠳᠠᠪᠠ᠂ ᠡᠨᠡ ᠨᠢ ᠤᠷᠳᠤᠰ - ᠢᠨᠳᠦᠨᠧᠰᠢᠶ᠎᠎ᠠ ᠴᠢᠭᠯᠡᠯ ᠤᠨ ᠠᠭᠠᠷ ᠠᠶᠠᠯᠠᠯ ᠤᠨ ᠱᠤᠭᠤᠮ ᠠᠯᠪᠠᠨ ᠶᠤᠰᠤ ᠪᠡᠷ ᠨᠡᠪᠳᠡᠷᠡᠭᠰᠡᠨ ᠢ ᠬᠠᠷᠠᠭᠤᠯᠵᠤ ᠪᠠᠶᠢᠨ᠎ᠠ᠃ ᠲᠤᠰ ᠠᠶᠠᠯᠠᠯ ᠨᠢ ᠤᠷᠳᠤᠰ ᠤᠯᠠᠨ ᠤᠯᠤᠰ ᠤᠨ ᠨᠢᠰᠬᠦ ᠤᠩᠭ᠋ᠤᠴᠠᠨ ᠤ ᠪᠠᠭᠤᠳᠠᠯ ᠤᠨ 《 ᠤᠮᠠᠷᠠᠳᠤ ᠱᠤᠭᠤᠮ》 ᠤᠨ ᠢᠷᠺᠦ᠋ᠼᠺ᠂ ᠮᠤᠰᠺᠸᠨ᠂ ᠪᠠᠩᠺᠦᠺ ᠲᠤ ᠠᠶᠠᠯᠠᠯ ᠨᠡᠪᠳᠡᠷᠡᠭᠰᠡᠨ ᠤ ᠲᠠᠷᠠᠭᠠᠬᠢ ᠲᠦᠷᠪᠡᠳᠡᠬᠢ ᠤᠯᠠᠨ ᠤᠯᠤᠰ ᠤᠨ ᠠᠭᠠᠷ ᠠᠶᠠᠯᠠᠯ ᠤᠨ ᠱᠤᠭᠤᠮ ᠪᠤᠯᠤᠨ᠎ᠠ᠃

    ᠤᠶᠢᠯᠠᠭᠠᠭᠰᠠᠨ ᠢᠶᠡᠷ᠂ ᠲᠤᠰ ᠠᠶᠠᠯᠠᠯ ᠢ ᠠᠭᠠᠷ ᠠᠶᠠᠯᠠᠯ ᠤᠨ ᠠᠶᠠᠨᠴᠢᠨ ᠤ A320 ᠨᠢᠰᠬᠦ ᠤᠩᠭ᠋ᠤᠴᠠ ᠭᠠᠷᠠᠭ ᠲᠤ ᠨᠢᠬᠡ ᠤᠳᠠᠭ᠎ᠠ ᠬᠦᠢᠴᠡᠳᠬᠡᠵᠤ᠂ ᠤᠷᠳᠤᠰ ᠡᠴᠡ ᠢᠨᠳᠦᠨᠧᠰᠢᠶ᠎ᠠ ᠬᠦᠷᠳᠡᠯ᠎ᠠ ᠪᠠᠷᠤᠭ 5 ᠴᠠᠭ ᠨᠢᠰᠦᠨ᠎ᠡ᠂ ᠲᠤᠰ ᠠᠶᠠᠯᠠᠯ ᠤᠨ ᠱᠤᠭᠤᠮ 10 ᠰᠠᠷ᠎ᠠ ᠶᠢᠨ ᠰᠡᠬᠦᠯᠴᠢ ᠪᠤᠯᠳᠠᠯ᠎ᠠ ᠨᠡᠪᠳᠡᠷᠡᠨ᠎ᠡ᠂ ᠤᠷᠢᠳᠴᠢᠯᠠᠨ ᠲᠤᠭᠠᠴᠠᠭᠠᠯᠠᠭᠰᠠᠨ ᠢᠶᠡᠷ ᠲᠠᠪᠬᠤᠷᠳᠠᠭᠰᠠᠨ ᠲᠤᠭ᠎ᠠ ᠪᠡᠷ 2000 ᠭᠠᠷᠤᠢ ᠠᠶᠠᠨᠴᠢᠨ ᠵᠦᠭᠡᠭᠡᠪᠦᠷᠢᠯᠡᠬᠦ ᠪᠤᠯᠤᠨ᠎ᠠ᠃ 

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121483435