蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠠᠩᠬᠠᠳᠠᠭᠴᠢ ᠴᠤᠯ ᠤᠬᠠᠭᠠᠯᠢᠭ ᠠᠮᠤᠷ ᠢ ᠬᠠᠮᠠᠭᠠᠯᠠᠬᠤ ᠮᠠᠰᠢᠨ ᠬᠦᠮᠦᠨ ᠢ ᠦᠢᠯᠡᠳᠪᠡ

2017-08-15 14:55

    ᠲᠦᠷᠦᠭᠦᠬᠡᠨ᠂ ᠴᠢᠯᠠᠭᠤᠨ ᠵᠡᠪᠰᠡᠭ ᠤᠨ ᠦᠶ᠎ᠠ ᠦᠪᠦᠷ ᠮᠣᠩᠭᠣᠯ ᠤᠨ ᠤᠬᠠᠭᠠᠯᠢᠬ ᠮᠠᠰᠢᠨ ᠬᠦᠮᠦᠨ  ᠤ ᠲ᠋ᠸᠭ᠍ᠨᠤᠯᠤᠭᠢ ᠶᠢᠨ ᠬᠢᠵᠠᠭᠠᠷᠲᠤ ᠺᠤᠮᠫᠠᠨᠢ ᠡᠴᠡ ᠰᠤᠳᠤᠯᠤᠨ ᠦᠢᠯᠡᠳᠦᠭᠰᠡᠨ ᠦᠪᠦᠷ ᠮᠣᠩᠭᠣᠯ ᠤᠨ ᠬᠠᠮᠤᠭ ᠤᠨ ᠠᠩᠬᠠᠨ ᠤ ᠴᠤᠯ ᠤᠬᠠᠭᠠᠯᠢᠭ ᠠᠮᠤᠷ ᠢ ᠬᠠᠮᠠᠭᠠᠯᠠᠬᠤ ᠮᠠᠰᠢᠨ ᠬᠦᠮᠦᠨ《 ᠴᠢᠯᠠᠭᠤ》 ᠮᠡᠨᠳᠦᠯᠡᠪᠡ᠃ ᠤᠯᠤᠰ ᠳᠠᠶᠠᠭᠠᠷ ᠤᠨ 20 ᠭᠠᠷᠤᠢ ᠮᠤᠵᠢ ᠬᠤᠲᠠ ᠡᠴᠡ ᠤᠷᠢᠨ ᠵᠠᠯᠠᠭᠰᠠᠨ ᠡᠷᠭᠢᠮ ᠵᠤᠴᠢᠳ ᠬᠠᠮᠲᠤᠪᠠᠷ ᠡᠨᠡᠬᠦ ᠴᠠᠭ ᠮᠦᠴᠠ ᠶᠢ ᠲᠡᠮᠳᠡᠭᠯᠡᠭᠰᠡᠨ ᠪᠠᠶᠢᠨ᠎ᠠ᠃

    ᠤᠶᠢᠯᠠᠭᠠᠭᠰᠠᠨ ᠢᠶᠡᠷ᠂《 ᠴᠢᠯᠠᠭᠤᠨ ᠵᠡᠪᠰᠡᠭ ᠤᠨ ᠦᠶ᠎ᠠ》 ᠺᠤᠮᠫᠠᠨᠢ ᠨᠢ ᠬᠦᠬᠡᠬᠤᠲᠠ ᠶᠢᠨ ᠰᠢᠨ᠎ᠠ ᠬᠤᠲᠠ ᠲᠤᠭᠤᠷᠢᠭ ᠡᠴᠡ ᠲᠠᠲᠠᠨ ᠤᠷᠤᠭᠤᠯᠤᠭᠰᠠᠨ ᠤᠷᠤᠨ ᠳᠠᠶᠠᠭᠠᠷ ᠤᠨ ᠠᠩᠬᠠᠨ ᠤ ᠤᠬᠠᠭᠠᠯᠢᠭ ᠮᠠᠰᠢᠨ ᠬᠦᠮᠦᠨ ᠦᠢᠯᠡᠳᠪᠦᠷᠢᠯᠡᠬᠦ ᠪᠠ ᠰᠤᠳᠤᠯᠠᠬᠤ ᠠᠵᠤ ᠠᠬᠤᠶᠢᠯᠠᠯ ᠮᠦᠨ᠂ ᠬᠠᠮᠤᠭ ᠤᠨ ᠠᠩᠬᠠᠨ ᠤ ᠤᠬᠠᠭᠠᠯᠢᠭ ᠮᠠᠰᠢᠨ ᠬᠦᠮᠦᠨ ᠤ ᠠᠵᠤ ᠦᠢᠯᠡᠰ ᠤᠨ ᠰᠠᠭᠤᠷᠢᠨ ᠢ ᠪᠤᠢ ᠪᠤᠯᠭᠠᠨ᠂ ᠭᠤᠤᠯᠯᠠᠭᠴᠢ ᠪᠦᠲᠦᠭᠡᠭ᠍ᠲᠡᠭᠦᠨ ᠨᠢ ᠠᠰᠢᠭᠯᠠᠯᠲᠠ ᠳᠤ ᠤᠷᠤᠪᠠᠯ ᠵᠢᠯ ᠤᠨ ᠦᠢᠯᠡᠳᠪᠦᠷᠢᠯᠡᠯ ᠤᠨ ᠦᠷᠲᠡᠭ ᠨᠢ 12 ᠳ᠋ᠦᠩᠰᠢᠭᠤᠷ ᠲᠦᠬᠦᠷᠢᠭ᠌ ᠲᠤ ᠬᠦᠷᠴᠤ᠂ ᠬᠤᠯᠪᠤᠭᠳᠠᠯ ᠪᠦᠬᠦᠢ ᠠᠵᠤ ᠦᠢᠯᠡᠰ ᠤᠨ ᠬᠡᠯᠬᠢᠶᠡᠨ ᠤ ᠶᠡᠷᠦᠩᠬᠡᠢ ᠦᠷᠲᠡᠭ ᠢ ᠮᠢᠩᠭ᠋ᠠᠨ ᠳ᠋ᠦᠩᠰᠢᠭᠤᠷ ᠲᠦᠬᠦᠷᠢᠭ᠌ ᠢ ᠲᠠᠪᠠᠭᠤᠯᠬᠤ ᠪᠤᠯᠤᠮᠵᠢ ᠲᠠᠢ ᠪᠠᠶᠢᠵᠤ 600 ᠭᠠᠷᠤᠢ ᠠᠵᠢᠯ ᠤᠨ ᠪᠠᠶᠢᠷᠢ ᠬᠠᠩᠭ᠋ᠠᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121486449