蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠮᠠᠨᠵᠤ ᠦᠨᠳᠦᠰᠦᠲᠡᠨ ᠤ ᠮᠦᠽᠸᠢ ᠲᠠᠢ ᠪᠤᠯᠤᠯ᠎ᠠ

2017-08-16 11:44

    8 ᠰᠠᠷ᠎ᠠ ᠶᠢᠨ 15 ᠤ ᠡᠳᠦᠷ᠂ ᠬᠦᠬᠡᠬᠤᠲᠠ ᠶᠢᠨ ᠮᠠᠨᠵᠤ ᠦᠨᠳᠦᠰᠦᠲᠠᠨ ᠤ ᠮᠦᠽᠸᠢ ᠨᠡᠭᠡᠭᠡᠯᠲᠡ ᠪᠡᠨ ᠬᠢᠪᠠ᠃

    ᠬᠦᠬᠡᠬᠤᠲᠠ ᠶᠢᠨ ᠮᠠᠨᠵᠤ ᠦᠨᠳᠦᠰᠦᠲᠡᠨ ᠤ ᠮᠦᠽᠸᠢ ᠨᠢ ᠬᠦᠬᠡᠬᠤᠲᠠ ᠶᠢᠨ ᠴᠢᠩᠭᠢᠰ ᠬᠠᠭᠠᠨ ᠶᠡᠬᠡ ᠵᠡᠭᠡᠯᠢ ᠶᠢᠨ ᠵᠡᠭᠦᠨ ᠭᠤᠤᠯ ᠤᠨ ᠶᠡᠬᠡ ᠬᠦᠭᠦᠷᠭᠡ ᠶᠢᠨ ᠵᠡᠭᠦᠨ ᠬᠤᠶᠢᠲᠤ ᠲᠠᠯ᠎ᠠ ᠳ᠋ᠤ ᠪᠠᠶᠢᠷᠢᠯᠠᠵᠤ᠂ ᠪᠠᠷᠢᠯᠭ᠎ᠠ ᠶᠢᠨ ᠳᠠᠯᠠᠪᠠᠢ ᠨᠢ 1700 ᠭᠦᠸᠠᠳ᠋ ᠮᠸᠲ᠋ᠷ᠂ ᠳᠤᠲᠤᠷ᠎ᠠ ᠨᠢ ᠠᠯᠪᠠᠨ ᠤ ᠭᠠᠵᠠᠷ᠂ ᠮᠠᠨᠵᠤ ᠦᠨᠳᠦᠰᠦᠲᠡᠨ ᠤ ᠦᠵᠡᠭᠦᠯᠦᠯᠭᠡ ᠶᠢᠨ ᠲᠢᠩᠬᠢᠮ ᠪᠤᠯᠤᠨ ᠤᠯᠠᠨ ᠴᠢᠳᠠᠪᠬᠢᠲᠤ ᠦᠵᠡᠭᠦᠯᠦᠯᠭᠡ ᠶᠢᠨ ᠲᠢᠩᠬᠢᠮ ᠲᠠᠢ᠃ ᠭᠤᠤᠯᠳᠠᠭᠤ ᠮᠠᠨᠵᠤ ᠦᠨᠳᠦᠰᠦᠲᠡᠨ ᠤ ᠵᠠᠩ ᠦᠢᠯᠡ᠂ ᠬᠡᠷᠡᠭᠯᠡᠭᠡᠨ ᠤ ᠵᠦᠢᠯᠡᠰ᠂ ᠮᠠᠨᠵᠤ ᠬᠡᠯᠡᠨ ᠤ ᠳᠠᠩᠰᠠ ᠡᠪᠬᠡᠮᠡᠯ᠂ ᠴᠢᠩ ᠭᠦᠷᠦᠨ ᠤ ᠬᠤᠪᠴᠠᠰᠤ ᠵᠠᠰᠠᠯ᠂ ᠴᠢᠩ ᠭᠦᠷᠦᠨ ᠤ ᠱᠠᠭᠠᠵᠠᠩ ᠰᠠᠪᠠ᠂ ᠶᠤᠸᠠᠨ ᠤ ᠬᠦᠬᠡ ᠱᠠᠭᠠᠵᠠᠩ᠂ ᠴᠢᠩ ᠭᠦᠷᠦᠨ ᠤ ᠠᠯᠳᠠᠷᠲᠤ ᠬᠦᠮᠦᠰ ᠤᠨ ᠤᠷᠠᠨ ᠪᠢᠴᠢᠯᠭᠡ ᠤᠷᠠᠨ ᠵᠢᠷᠤᠭ᠂ ᠤᠳᠤ ᠦᠶ᠎ᠠ ᠶᠢᠨ ᠤᠷᠠᠨ ᠵᠢᠷᠤᠭᠠᠴᠢ ᠤᠷᠠᠨ ᠪᠢᠴᠢᠯᠭᠡᠳᠡᠳ ᠤᠨ ᠪᠦᠲᠦᠭᠡᠯ ᠵᠡᠷᠭᠡ ᠶᠢ ᠳᠡᠯᠭᠡᠨ ᠦᠵᠡᠭᠦᠯᠵᠤ ᠪᠤᠢ᠃

    ᠬᠦᠬᠡᠬᠤᠲᠠ ᠶᠢᠨ ᠮᠠᠡᠵᠤ ᠦᠨᠳᠦᠰᠦᠲᠡᠨ ᠤ ᠮᠦᠽᠸᠢ ᠶᠢᠨ ᠪᠠᠶᠢᠭᠤᠯᠤᠭᠳᠠᠭᠰᠠᠨ ᠨᠢ ᠦᠪᠦᠷ ᠮᠣᠩᠭᠣᠯ ᠤᠨ ᠮᠠᠨᠵᠤ ᠦᠨᠳᠦᠰᠦᠲᠡᠨ ᠤ ᠮᠦᠽᠸᠢ ᠶᠢᠨ ᠬᠤᠭᠤᠰᠤᠨ ᠢ ᠨᠦᠬᠦᠪᠦᠷᠢᠯᠡᠵᠤ᠂ ᠮᠠᠨᠵᠤ ᠦᠨᠳᠦᠰᠦᠲᠡᠨ ᠤ ᠰᠤᠶᠤᠯ ᠢ ᠤᠯᠠᠮᠵᠢᠯᠠᠨ ᠳᠡᠯᠭᠡᠷᠡᠭᠦᠯᠵᠤ᠂ ᠰᠤᠳᠤᠯᠵᠤ ᠰᠤᠯᠢᠯᠴᠠᠬᠤ ᠲᠠᠪᠴᠠᠩ ᠬᠠᠩᠭ᠋ᠠᠵᠤ᠂ ᠬᠦᠬᠡᠬᠤᠲᠠ ᠶᠢᠨ ᠪᠦᠰᠡ ᠨᠤᠲᠤᠭ ᠤᠨ ᠰᠤᠶᠤᠯ᠂ ᠵᠢᠭᠤᠯᠴᠢᠯᠠᠯ ᠪᠤᠯᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠦᠢᠯᠡᠰ ᠤᠨ ᠬᠦᠭ᠍ᠵᠢᠯᠲᠠ ᠳᠤ ᠢᠳᠡᠪᠬᠢ ᠦᠢᠯᠡᠳᠦᠯ ᠦᠵᠡᠭᠦᠯᠦᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121492110