蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ 2.2 ᠳ᠋ᠦᠩᠰᠢᠭᠤᠷ ᠲᠦᠬᠦᠷᠢᠭ᠌ ᠤᠨ ᠭᠠᠩ ᠡᠴᠡ ᠠᠪᠤᠷᠠᠬᠤ ᠮᠦᠩᠭᠦ ᠶᠢ ᠪᠦᠬᠦᠨ ᠢ ᠪᠠᠭᠤᠯᠭᠠᠪᠠ

2017-08-16 11:44

    ᠶᠡᠬᠡᠩᠭᠢ ᠠᠶᠢᠮᠠᠭ ᠬᠤᠲᠠ ᠶᠢᠨ ᠭᠠᠩ ᠤᠨ ᠪᠠᠶᠢᠳᠠᠯ ᠳᠤ ᠴᠢᠭᠯᠡᠭᠦᠯᠦᠨ ᠪᠠᠴᠢᠮ ᠶᠠᠪᠤᠳᠠᠯ ᠢ ᠪᠠᠴᠢᠮ ᠰᠶ᠋ᠢᠳᠪᠦᠷᠢᠯᠡᠵᠤ᠂ ᠤᠨᠴᠠᠭᠠᠢ ᠶᠠᠪᠤᠳᠠᠯ ᠢ ᠤᠨᠴᠠᠭᠠᠢ ᠪᠡᠷ ᠰᠶ᠋ᠢᠳᠪᠦᠷᠢᠯᠡᠬᠦ ᠵᠠᠷᠴᠢᠮ ᠢ ᠪᠠᠷᠢᠮᠲᠠᠯᠠᠨ ᠦᠪᠦᠷ ᠮᠣᠩᠭᠣᠯ ᠤᠨ ᠰᠠᠩᠭᠦᠦ ᠡᠳ᠋ ᠤᠨ ᠵᠠᠰᠠᠭ ᠤᠨ ᠲᠢᠩᠬᠢᠮ ᠡᠴᠡ ᠡᠯ᠎ᠠ ᠲᠠᠯ᠎ ᠎ᠠ ᠡᠴᠡ ᠬᠤᠷᠠᠮᠳᠠᠭᠤᠯᠤᠭᠰᠠᠨ 2.2 ᠳ᠋ᠦᠩᠰᠢᠭᠤᠷ ᠲᠦᠬᠦᠷᠢᠭ᠌ ᠢ ᠪᠦᠬᠦᠨ ᠢ ᠠᠶᠢᠮᠠᠭ ᠬᠤᠲᠠ ᠳᠤ ᠪᠠᠭᠤᠯᠭᠠᠵᠤ ᠦᠭ᠍ᠪᠠ᠂ ᠡᠭᠦᠨ ᠢ ᠭᠤᠤᠯᠳᠠᠭᠤ ᠮᠠᠯᠵᠢᠬᠤ ᠤᠷᠤᠨ ᠤ ᠬᠦᠮᠦᠨ ᠮᠠᠯ ᠤᠨ ᠤᠤᠭᠤᠬᠤ ᠤᠰᠤ᠂ ᠭᠠᠩ ᠡᠴᠡ ᠰᠡᠷᠭᠡᠶᠢᠯᠡᠬᠦ ᠲᠤᠨᠤᠭ ᠲᠦᠬᠦᠭᠡᠷᠦᠮᠵᠢ ᠤᠷᠤᠭᠤᠯᠬᠤ ᠪᠠ ᠡᠪᠡᠰᠤ ᠪᠤᠷᠳᠤᠭ᠎ᠠ ᠵᠦᠭᠡᠭᠡᠪᠦᠷᠢᠯᠡᠬᠦ ᠵᠡᠷᠭᠡ ᠳᠤ ᠵᠠᠷᠤᠴᠠᠭᠤᠯᠤᠨ᠎ᠠ᠃ 

    ᠬᠠᠪᠤᠷ ᠡᠴᠡ ᠨᠠᠰᠢ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠶᠡᠬᠡᠩᠭᠢ ᠠᠶᠢᠮᠠᠭ ᠬᠤᠲᠠ ᠳᠤ ᠬᠤᠷ᠎ᠠ ᠲᠤᠨᠳᠠᠰᠤ ᠴᠦᠭᠡᠨ᠂ ᠬᠦᠷᠦᠰᠦᠨ ᠤ ᠴᠢᠭᠢᠭ᠍ᠳᠡᠴᠡ ᠮᠠᠭᠤᠳᠠᠵᠤ ᠤᠷᠤᠨ ᠳᠠᠶᠠᠭᠠᠷ ᠤᠨ ᠤᠰᠤ ᠴᠢᠭᠢᠭ᠌ ᠲᠤᠳᠠᠭᠰᠠᠨ ᠲᠠᠯᠠᠪᠠᠢ 2630 ᠲᠦᠮᠡᠨ ᠮᠦ ᠳᠤ ᠬᠦᠷᠴᠤ᠂ ᠭᠠᠩ ᠳᠤ ᠨᠦᠯᠦᠭᠡᠯᠡᠭᠳᠡᠭᠰᠡᠨ ᠲᠠᠷᠢᠮᠠᠯ ᠤᠨ ᠲᠠᠯᠠᠪᠠᠢ 647 ᠲᠦᠮᠡᠨ ᠮᠦ ᠳᠤ ᠬᠦᠷᠦᠨ᠂ 12 ᠲᠦᠮᠡᠨ ᠬᠦᠮᠦᠨ ᠪᠠ 101 ᠲᠦᠮᠡᠨ ᠮᠠᠯ ᠤᠰᠤ ᠤᠮᠳᠠ ᠲᠤᠳᠠᠭᠳᠠᠪᠠ᠃

    ᠬᠦᠨᠲᠤ ᠨᠤᠴᠢᠲᠠᠢ ᠭᠠᠩ ᠤᠨ ᠪᠠᠶᠢᠳᠠᠯ ᠳᠤ ᠴᠢᠭᠯᠡᠭᠦᠯᠦᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠠᠩᠬᠦᠦ ᠡᠳ᠋ ᠤᠨ ᠵᠠᠰᠠᠭ ᠤᠨ ᠲᠢᠩᠬᠢᠮ ᠡᠴᠡ ᠨᠢᠭᠡ ᠲᠠᠯ᠎ᠠ ᠪᠡᠷ ᠲᠢᠩᠬᠢᠮ ᠤᠨ ᠤᠳᠤᠷᠢᠳᠬᠤ ᠬᠦᠮᠦᠰ ᠪᠠᠭ ᠳᠠᠭᠠᠭᠤᠯᠤᠨ ᠰᠠᠩᠭᠦᠦ ᠡᠳ᠋ ᠤᠨ ᠵᠠᠰᠠᠭ ᠤᠨ ᠶᠠᠮᠤᠨ ᠳᠤ ᠬᠦᠷᠴᠤ ᠬᠠᠷᠢᠭᠤ ᠮᠡᠳᠡᠭᠦᠯᠦᠯᠲᠡ ᠬᠢᠨ ᠠᠪᠤᠷᠠᠨ ᠲᠤᠰᠠᠯᠠᠬᠤ ᠮᠦᠩᠭᠦ ᠤᠯᠬᠤ ᠪᠡᠷ ᠴᠢᠷᠮᠠᠶᠢᠪᠠ᠃ ᠤᠳᠤᠬᠠᠨ ᠳᠤ᠂ ᠦᠪᠦᠷ ᠮᠣᠩᠭᠣᠯ ᠲᠦᠪ ᠡᠴᠡ ᠨᠡᠶᠢᠲᠡ 1.6 ᠳ᠋ᠦᠩᠰᠢᠭᠤᠷ ᠲᠦᠬᠦᠷᠢᠭ᠌ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠭᠠᠩ ᠭᠠᠮᠰᠢᠭ  ᠡᠴᠡ ᠠᠪᠤᠷᠠᠬᠤ ᠮᠦᠩᠭᠦ ᠤᠯᠪᠠ᠃ ᠨᠦᠭᠦᠭᠡ ᠲᠠᠯ᠎ᠠ ᠪᠡᠷ᠂ ᠮᠠᠯᠵᠢᠬᠤ ᠤᠷᠤᠨ ᠤ ᠭᠠᠩ ᠤᠨ ᠪᠠᠶᠢᠳᠠᠯ ᠮᠦᠨ ᠬᠦᠨᠳᠦᠷᠡᠵᠤ ᠪᠠᠶᠢᠭ᠎ᠠ ᠪᠤᠯᠬᠤᠷ ᠦᠪᠦᠷ ᠮᠣᠩᠭᠣᠯ ᠤᠨ ᠰᠠᠩᠭᠦᠦ ᠡᠳ᠋ ᠤᠨ ᠵᠠᠰᠠᠭ ᠤ ᠲᠢᠩᠬᠢᠮ ᠡᠴᠡ ᠦᠪᠦᠷ ᠮᠣᠩᠭᠣᠯ ᠤᠨ ᠵᠠᠰᠠᠭ ᠤᠨ ᠤᠷᠳᠤᠨ 6000 ᠲᠦᠮᠡᠨ ᠲᠦᠬᠦᠷᠢᠭ᠌ ᠤᠨ ᠲᠠᠷᠢᠭᠦᠯᠡᠭᠴᠢ ᠶᠢᠨ ᠪᠡᠯᠡᠳᠭᠡᠯ ᠮᠦᠩᠭᠦ ᠰᠢᠯᠵᠢᠭᠦᠯᠦᠨ ᠪᠠᠭᠤᠯᠭᠠᠬᠤ ᠶᠢ ᠰᠠᠨᠠᠭᠠᠴᠢᠯᠠᠵᠤ᠂ ᠵᠡᠭᠦᠨ ᠪᠦᠰᠡ ᠨᠤᠲᠤᠭ ᠤᠨ ᠮᠠᠯᠵᠢᠬᠤ ᠤᠷᠤᠨ ᠤ ᠭᠠᠩ ᠡᠴᠡ ᠠᠪᠤᠷᠠᠨ ᠲᠤᠰᠠᠯᠠᠬᠤ ᠠᠵᠢᠯᠯᠠᠭ᠎᠎ᠠ ᠳᠤ ᠵᠠᠷᠤᠴᠠᠭᠤᠯᠬᠤ ᠪᠡᠷ ᠪᠤᠢ᠃

    ᠡᠭᠦᠨ ᠤ ᠬᠠᠮᠲᠤ᠂ ᠦᠪᠦᠷ ᠮᠣᠩᠭᠣᠯ ᠤᠨ ᠰᠠᠩᠭᠦᠦ ᠡᠳ᠋ ᠤᠨ ᠵᠠᠰᠠᠭ ᠤ ᠲᠢᠩᠬᠢᠮ ᠡᠴᠡ ᠠᠶᠢᠮᠠᠭ ᠬᠤᠲᠠ ᠶᠢᠨ ᠰᠠᠩᠬᠦᠦ ᠡᠳ᠋ ᠤᠨ ᠵᠠᠰᠠᠭ ᠤᠨ ᠰᠠᠯᠠᠭ᠎ᠠ ᠮᠦᠴᠢᠷ ᠢ ᠮᠦᠩᠭᠦ ᠶᠢᠨ ᠬᠠᠮᠢᠶᠠᠷᠤᠯᠲᠠ ᠶᠢᠨ ᠠᠷᠭ᠎ᠠ ᠪᠡᠷ ᠠᠪᠤᠷᠠᠨ ᠲᠤᠰᠠᠯᠠᠬᠤ ᠮᠦᠩᠭᠦ ᠶᠢ ᠴᠠᠬ ᠲᠤᠬᠠᠢ ᠳᠤᠨᠢ ᠪᠠᠭᠤᠯᠭᠠᠵᠤ᠂ ᠮᠦᠩᠭᠦ ᠶᠢ ᠵᠤᠷᠢᠭᠤᠯᠤᠯᠲᠠ ᠪᠡᠷ ᠬᠡᠷᠡᠭᠯᠡᠬᠦ ᠶᠢ ᠱᠠᠭᠠᠷᠳᠠᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121492133