蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ 《 ᠰᠢᠭᠤᠳ ᠨᠡᠪᠳᠡᠷᠡᠬᠦᠯᠬᠡ + ᠴᠠᠬᠢᠮ ᠬᠤᠳᠠᠯᠳᠤᠭ᠎ᠠ》 ᠪᠡᠷ ᠲᠠᠷᠢᠶᠠᠯᠠᠩ ᠤᠨ ᠪᠦᠲᠦᠭᠡᠭ᠍ᠳᠡᠬᠦᠨ ᠢᠶᠡᠨ ᠪᠤᠷᠤᠯᠠᠭᠤᠯᠬᠤ ᠰᠢᠨ᠎ᠡ ᠵᠠᠮ ᠢ ᠰᠦᠪᠡᠭ᠍ᠴᠢᠯᠡᠵᠤ ᠪᠤᠢ

2017-08-17 10:43

    59711.6 ᠲᠦᠬᠦᠷᠢᠭ᠌! ᠨᠢᠬᠡ ᠴᠠᠭ ᠤᠨ ᠰᠢᠭᠤᠳ ᠨᠡᠪᠳᠡᠷᠡᠬᠦᠯᠬᠡ ᠪᠡᠷ ᠪᠤᠷᠤᠯᠠᠭᠤᠯᠤᠭᠰᠠᠨ ᠭᠤᠯᠢᠷ ᠤᠨ ᠦᠷᠳᠡᠭ ᠡᠩ ᠤᠨ ᠦᠶ᠎ᠠ ᠶᠢᠨ1 ᠰᠠᠷ᠎ᠠ ᠶᠢᠨ ᠪᠤᠷᠤᠯᠠᠭᠤᠯᠭ᠎ᠠ ᠲᠠᠢ ᠲᠡᠩᠴᠡᠨ᠎ᠠ ᠭᠡᠳᠡᠭ ᠢ ᠱᠢ ᠳ᠋ᠠᠢ ᠴᠢ ᠰᠠᠨᠠᠵᠦ ᠤᠯᠤᠬᠰᠠᠨ ᠦᠭᠡᠢ᠃

    ᠡᠨᠡ ᠪᠤᠯ ᠲᠡᠬᠦᠨ ᠤ ᠠᠩᠬ᠎ᠠ ᠤᠳᠠᠭ᠎ᠠ ᠨᠧᠲ ᠤᠨ ᠰᠢᠭᠤᠳ ᠨᠡᠪᠳᠡᠷᠡᠬᠦᠯᠬᠡ ᠶᠢᠨ ᠠᠷᠭ᠎ᠠ ᠪᠡᠷ ᠭᠤᠯᠢᠷ ᠢᠶᠡᠨ ᠬᠤᠳᠠᠯᠳᠤᠵᠦ ᠪᠠᠢᠢᠭ᠎ᠠ ᠶᠠᠪᠤᠳᠠᠯ ᠪᠤᠯᠤᠨ᠎ᠠ᠃ ᠲᠡᠷᠡᠪᠡᠷ ᠨᠢᠬᠡ ᠲᠠᠯ᠎ᠠ ᠪᠡᠷ ᠭᠤᠯᠢᠷ ᠢᠶᠡᠨ ᠲᠠᠨᠢᠯᠴᠠᠭᠤᠯᠵᠤ᠂ ᠨᠦᠬᠦᠬᠡ ᠲᠠᠯ᠎ᠠ ᠪᠡᠷ ᠭᠤᠯᠢᠷ ᠤᠨ ᠢᠳᠡᠬᠡᠨ ᠬᠢᠵᠤ᠂ ᠨᠧᠲ ᠠᠰᠢᠭᠯᠠᠭᠴᠢᠳ ᠴᠠᠭ ᠲᠤᠬᠠᠢ ᠳᠤᠨᠢ ᠲᠤᠰ ᠲᠠᠪᠴᠠᠩ ᠢᠶᠡᠷ ᠭᠤᠯᠢᠷ ᠬᠤᠳᠠᠯᠳᠤᠨ ᠠᠪᠴᠤ ᠪᠤᠯᠤᠨ᠎ᠠ᠃

    ᠦᠪᠦᠷ ᠮᠤᠩᠭ᠋ᠤᠯ ᠤᠨ ᠪᠠᠶᠠᠨᠨᠠᠭᠤᠷ ᠬᠤᠳᠠ ᠶᠢᠨ ᠦᠶᠤᠸᠠᠨ ᠰᠢᠶᠠᠨ ᠤ ᠪᠤᠷᠤᠳᠤᠬᠤᠢ ᠴᠠᠬᠢᠮ ᠬᠤᠳᠠᠯᠳᠤᠭᠠᠨ ᠤ ᠬᠦᠷᠢᠶᠯᠡᠩ ᠳᠤ᠂ ᠱᠢ ᠳ᠋ᠠᠢ ᠴᠢ ᠲᠠᠢ ᠠᠳᠠᠯᠢ ᠰᠢᠭᠤᠳ ᠨᠡᠪᠳᠡᠷᠡᠬᠦᠯᠬᠡ ᠶᠢᠨ ᠲᠠᠪᠴᠠᠩ ᠢᠶᠡᠷ ᠲᠠᠷᠢᠶᠠᠯᠠᠩ ᠤᠨ ᠪᠦᠲᠦᠭᠡᠭ᠍ᠳᠡᠬᠦᠨ ᠢᠶᠡᠨ ᠪᠤᠷᠤᠯᠠᠭᠤᠯᠬᠤ ᠬᠦᠮᠦᠰ ᠤᠯᠠᠮ ᠢᠶᠡᠷ ᠤᠯᠠᠰᠢᠷᠠᠪᠠ᠃ ᠲᠡᠳᠡ ᠰᠢᠭᠤᠳ ᠨᠡᠪᠳᠡᠷᠡᠬᠦᠯᠬᠡ ᠶᠢᠨ ᠲᠦᠭᠦᠭᠡᠷᠦᠮᠵᠢ ᠪᠤᠯᠤᠨ ᠪᠠᠭᠠᠵᠢ ᠬᠡᠷᠡᠭᠰᠡᠯ ᠢᠶᠡᠨ ᠠᠪᠴᠤ ᠪᠤᠭᠤᠳᠠᠢ ᠶᠢᠨ ᠲᠠᠷᠢᠶ᠎ᠠ᠂ ᠢᠳᠡᠰᠢᠨ ᠨᠤᠭᠤᠭᠠᠨ ᠤ ᠬᠦᠯᠡᠮᠵᠢ ᠪᠤᠶᠤ ᠦᠢᠯᠡᠳᠪᠦᠷᠢ ᠳᠤ ᠪᠠᠨ ᠤᠴᠢᠨ ᠲᠠᠷᠢᠶᠠᠯᠠᠩ ᠤᠨ ᠪᠦᠲᠦᠭᠡᠭ᠍ᠳᠡᠬᠦᠨ ᠤ ᠪᠠᠨ ᠲᠠᠷᠢᠬᠤ᠂ ᠲᠡᠬᠦᠬᠦ ᠬᠤᠷᠢᠶᠠᠬᠤ ᠶᠠᠪᠤᠴᠠ ᠶᠢ ᠰᠢᠭᠤᠳ ᠨᠡᠪᠳᠡᠷᠡᠬᠦᠯᠳᠡᠭ᠃ ᠢᠨᠲ᠋ᠧᠷᠨᠧᠲ ᠢ ᠠᠰᠢᠭᠯᠠᠨ ᠬᠡᠷᠡᠭᠯᠡᠭᠴᠢᠳ ᠪᠠᠷᠠᠭ᠎ᠠ ᠶᠢᠨ ᠭᠠᠷᠤᠯᠳᠠ ᠶᠢᠨ ᠤᠷᠴᠢᠨ ᠪᠤᠯᠤᠨ ᠦᠢᠯᠡᠳᠪᠦᠷᠢᠯᠡᠬᠦ ᠶᠠᠪᠤᠴᠠ ᠶᠢ ᠰᠢᠭᠤᠳ ᠤᠯᠵᠤ ᠬᠠᠷᠠᠬᠤ ᠪᠦᠭᠡᠳ ᠰᠢᠭᠤᠳ ᠨᠡᠪᠳᠡᠷᠡᠬᠦᠯᠬᠡ ᠶᠢᠨ ᠶᠠᠪᠤᠴᠠ ᠳᠤ ᠬᠤᠳᠠᠯᠳᠤᠨ ᠠᠪᠴᠤ ᠪᠤᠯᠤᠨ᠎ᠡ᠂ ᠲᠠᠷᠠᠭ᠎ᠠ ᠨᠢ ᠪᠠᠷᠠᠭᠠᠨ ᠤ ᠬᠦᠢᠯᠬᠡᠬᠡ ᠪᠡᠷ ᠨᠢᠬᠡᠳᠤᠯᠳᠡᠢ ᠬᠦᠷᠭᠡᠵᠤ᠂ ᠶᠡᠷᠦ ᠳ᠋ᠡᠬᠡᠨ 72 ᠴᠠᠭ ᠤᠨ ᠲᠤᠳᠤᠷ᠎ᠠ ᠬᠡᠷᠡᠭᠯᠡᠭᠴᠢᠳ ᠲᠦ ᠬᠦᠷᠭᠡᠴᠢᠭᠡᠳᠡᠭ᠃

    ᠡᠨᠡᠬᠦ 4.6 ᠲᠦᠮᠡᠨ ᠮᠦ ᠯᠡ ᠲᠠᠯᠠᠪᠠᠢ ᠲᠠᠢ ᠠᠵᠤ ᠦᠢᠯᠡᠰ ᠤᠨ ᠬᠦᠷᠢᠶᠡᠯᠡᠩ ᠳᠤ 226 ᠲᠠᠷᠢᠶᠠᠯᠠᠩ ᠤᠨ ᠪᠠ ᠲᠤᠰᠠᠯᠠᠬᠤ ᠠᠵᠤ ᠠᠬᠤᠢ ᠶᠢᠨ ᠪᠦᠲᠦᠭᠡᠭ᠍ᠳᠡᠬᠦᠨ ᠤ ᠦᠢᠯᠡᠰ ᠪᠤᠰᠬᠠᠭᠴᠢ ᠶᠢᠨ ᠪᠠᠭ ᠬᠤᠷᠠᠨ ᠴᠤᠭᠯᠠᠷᠠᠵᠤ᠂ ᠵᠤᠩᠬᠢ ᠤᠯᠠᠨ ᠨᠢ 35 ᠨᠠᠰᠤᠨ ᠡᠴᠡ ᠲᠤᠷᠤᠭᠰᠢᠬᠢ ᠵᠠᠯᠠᠭᠤᠴᠤᠳ᠂ ᠡᠬᠦᠨ ᠤ ᠲᠤᠳᠤᠷ᠎ᠠ ᠤᠶᠤᠳᠠᠨ ᠦᠢᠯᠡᠰ ᠪᠤᠰᠬᠠᠭᠴᠢ 60% ᠶᠢ ᠡᠵᠡᠯᠡᠵᠤ᠂ ᠪᠤᠷᠤᠲᠤᠬᠤᠢ ᠶᠢᠨ ᠨᠤᠳᠤᠭ ᠤᠨ ᠭᠠᠷᠤᠯᠳᠠ ᠢᠢ ᠭᠤᠤᠯᠯᠠᠨ ᠡᠵᠡᠩᠨᠡᠳᠡᠭ᠃ 

    ᠦᠶᠤᠸᠠᠨ ᠰᠢᠶᠠᠨ ᠤ ᠲᠠᠷᠢᠶᠠᠯᠩ ᠤᠨ ᠪᠦᠲᠦᠭᠡᠭ᠍ᠳᠡᠬᠦᠨ ᠤ ᠪᠤᠷᠤᠯᠠᠭᠤᠯᠭ᠎ᠠ ᠶᠢ ᠦᠷᠭᠡᠳᠬᠡᠬᠦ ᠶᠢᠨ ᠲᠦᠯᠦᠭᠡ᠂ 2015 ᠤᠨ ᠳᠤ ᠦᠶᠤᠸᠠᠨ ᠰᠢᠶᠠᠨ 《 ᠢᠨᠲ᠋ᠧᠷᠨᠧᠲ + ᠰᠢᠶᠠᠨ ᠪᠦᠰᠡ ᠶᠢᠨ ᠡᠳ᠋ ᠤᠨ ᠵᠠᠰᠠᠭ》 ᠤᠨ ᠰᠡᠳᠬᠢᠮᠵᠢ ᠶᠢ ᠲᠤᠷᠠᠳᠤᠨ 8000 ᠲᠦᠮᠡᠨ ᠲᠦᠭᠦᠷᠢᠭ᠌᠌ ᠤᠨ ᠬᠦᠷᠦᠩᠬᠡ ᠤᠷᠤᠭᠤᠯᠵᠤ ᠪᠤᠷᠤᠳᠤᠬᠤᠢ ᠶᠢᠨ ᠴᠠᠬᠢᠮ ᠬᠤᠳᠠᠯᠳᠤᠭᠠᠨ ᠤ ᠬᠦᠷᠢᠶᠡᠯᠡᠡᠭ ᠪᠠᠶᠢᠭᠤᠯᠵᠠᠢ᠂ ᠡᠨᠡ  ᠨᠢ ᠮᠦᠨ ᠤᠯᠤᠰ ᠲᠠᠶᠠᠭᠠᠷ ᠤᠨ ᠠᠩᠬᠠᠨ ᠤ ᠰᠢᠶᠠᠨ ᠤ ᠵᠡᠷᠭᠡᠯᠡᠯ ᠤᠨ ᠴᠠᠬᠢᠮ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠪᠤᠯᠵᠠᠢ᠃

    2015 ᠤᠨ ᠪᠤᠯ ᠠᠵᠤ ᠦᠢᠯᠡᠰ ᠤᠨ ᠬᠦᠷᠢᠶᠡᠯᠡᠩ ᠠᠰᠢᠭᠯᠠᠯᠳᠠ ᠳᠤ ᠤᠷᠤᠭᠰᠠᠨ ᠤ ᠠᠩᠬᠠᠨ ᠤ ᠵᠢᠯ᠂ ᠠᠷᠠᠯᠵᠢᠶᠠᠨ ᠤ ᠨᠤᠷᠮ᠎ᠠ 3000 ᠲᠦᠮᠡᠨ ᠲᠦᠭᠦᠷᠢᠭ᠌᠌ ᠲᠤ ᠬᠦᠷᠴᠤ᠂ 2016 ᠤᠨ ᠳᠤ 1.3 ᠳ᠋ᠦᠩᠰᠢᠭᠤᠷ ᠲᠦᠬᠦᠷᠢᠭ᠌᠌ ᠲᠤ ᠬᠦᠷᠴᠡᠢ᠃

    ᠦᠶᠤᠸᠠᠨ ᠰᠢᠶᠠᠨ ᠲᠤᠰ ᠠᠵᠤ ᠦᠢᠯᠡᠰ ᠤᠨ ᠬᠦᠷᠢᠶᠡᠯᠡᠩ ᠳᠤ ᠤᠷᠤᠬᠤ ᠡᠴᠡ ᠡᠮᠦᠨ᠎ᠡ 20 ᠡᠳᠤᠷ ᠤᠨ ᠬᠤᠭᠤᠴᠠᠭ᠎ᠠ ᠲᠠᠢ ᠤᠯᠠᠨ ᠬᠦᠮᠦᠰ ᠤᠨ ᠪᠤᠯᠪᠠᠰᠤᠷᠠᠯ ᠵᠤᠬᠢᠶᠠᠨ ᠪᠠᠶᠢᠭᠤᠯᠵᠤ᠂ ᠴᠠᠬᠢᠮ ᠬᠤᠳᠠᠯᠳᠤᠭ᠎ᠠ ᠡᠷᠬᠢᠯᠡᠬᠦ᠂ ᠪᠤᠷᠤᠯᠠᠭᠤᠯᠭ᠎ᠠ ᠶᠢᠨ ᠠᠷᠭ᠎ᠠ ᠶᠢ ᠡᠵᠡᠮᠰᠢᠬᠦᠯᠵᠡᠢ᠃ ᠱᠢ ᠳ᠋ᠠᠢ ᠴᠢ ᠪᠤᠯ ᠶᠠᠭ ᠡᠨᠡᠬᠦ ᠪᠤᠯᠪᠠᠰᠤᠷᠠᠯ ᠢ ᠬᠦᠷᠳᠡᠨ ᠦᠶᠤᠸᠠᠨ ᠵᠢᠶᠠᠨ ᠤ ᠰᠠᠢ ᠰᠢᠩ ᠭᠤᠯᠢᠷ ᠤᠨ ᠦᠢᠯᠡᠰ ᠤᠨ ᠴᠠᠬᠢᠮ ᠬᠤᠳᠠᠯᠳᠤᠭᠠᠨ ᠤ ᠬᠠᠷᠢᠭᠤᠴᠠᠯᠭᠠᠳᠠᠨ ᠪᠤᠯᠤᠭᠰᠠᠨ ᠬᠦᠮᠦᠨ ᠶᠤᠮ᠃

    ᠵᠠᠰᠠᠭ ᠤᠨ ᠤᠷᠳᠤᠨ ᠤ ᠬᠦᠴᠦᠲᠠᠢ ᠲᠡᠮᠵᠢᠯᠭᠡ ᠪᠠᠷ ᠦᠶᠤᠸᠠᠨ ᠰᠢᠶᠠᠨ ᠤ ᠴᠠᠬᠢᠮ ᠬᠤᠳᠠᠯᠳᠤᠭ᠎ᠠ ᠲᠦᠷᠭᠡᠨ ᠬᠦᠭ᠍ᠵᠢᠵᠡᠢ᠃ ᠤᠳᠤ ᠪᠤᠯᠳᠠᠯ᠎ᠠ ᠠᠵᠤ ᠦᠢᠯᠡᠰ ᠤᠨ ᠬᠦᠷᠢᠶᠡᠯᠡᠩ ᠳᠤ ᠨᠢᠬᠡᠨᠳᠡ 1000 ᠭᠠᠷᠤᠢ ᠬᠤᠳᠠᠯᠳᠤᠭᠠᠨ ᠤ ᠡᠷᠦᠬᠡ ᠤᠷᠤᠵᠦ ᠭᠠᠷᠴᠠᠢ᠃

   ᠦᠶᠤᠸᠠᠨ ᠰᠢᠶᠠᠨ ᠤ ᠴᠠᠬᠢᠮ ᠬᠤᠳᠠᠯᠳᠤᠭᠠᠨ ᠤ ᠬᠦᠭ᠍ᠵᠢᠯᠳᠡ ᠪᠤᠯ ᠦᠪᠦᠷ ᠮᠤᠩᠭ᠋ᠤᠯ ᠤᠨ ᠬᠦᠳᠡᠬᠡ ᠲᠤᠰᠬᠤᠨ ᠤ ᠴᠠᠬᠢᠮ ᠬᠤᠳᠠᠯᠳᠤᠭᠠᠨ ᠤ ᠬᠤᠷᠢᠶᠠᠩᠭ᠋ᠤᠢ ᠲᠦᠷᠭᠦ ᠪᠤᠯᠤᠨ᠎ᠠ᠃ ᠵᠠᠰᠠᠭ ᠤᠷᠳᠤᠨ ᠤ ᠵᠤᠷᠢᠬᠵᠢᠭᠤᠯᠤᠯ ᠪᠤᠯᠤᠨ ᠵᠢᠭᠤᠯᠤᠳᠤᠯᠭ᠎ᠠ ᠪᠠᠷ ᠬᠡᠳᠤᠭᠡᠨ ᠵᠢᠯ ᠳᠤ ᠦᠪᠦᠷ ᠮᠤᠩᠭ᠋ᠤᠯ ᠤᠨ ᠬᠦᠳᠡᠬᠡ ᠠᠵᠤ ᠠᠬᠤᠢ ᠶᠢᠨ ᠴᠠᠬᠢᠮ ᠬᠤᠳᠠᠯᠳᠤᠭ᠎ᠠ ᠵᠤᠬᠢᠬᠤ ᠬᠡᠪᠴᠢᠶ᠎ᠡ ᠲᠠᠢ ᠪᠤᠯᠵᠠᠢ᠃ ᠦᠶᠤᠸᠠᠨ ᠰᠢᠶᠠᠨ ᠡᠴᠡ ᠭᠠᠳᠠᠨ᠎ᠠ᠂ ᠬᠢᠩᠭ᠋ᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤ᠂ ᠤᠯᠠᠭᠠᠨᠬᠠᠳᠠ ᠶᠢᠨ ᠪᠠᠭᠠᠷᠢᠨ ᠪᠠᠷᠠᠭᠤᠨ ᠬᠤᠰᠢᠭᠤ᠂ ᠪᠤᠭᠤᠳᠤ ᠬᠤᠳᠠ ᠶᠢᠨ ᠲᠦᠮᠡᠳ ᠪᠠᠷᠠᠭᠤᠨ ᠬᠤᠰᠢᠭᠤ ᠵᠡᠷᠬᠡ ᠨᠢ ᠪᠦᠷ ᠲᠤᠬᠠᠢ ᠶᠢᠨ ᠭᠠᠵᠠᠷ ᠤᠨ ᠪᠠᠶᠢᠳᠠᠯ ᠳᠤ ᠪᠠᠨ ᠲᠤᠬᠢᠷᠠᠭᠤᠯᠤᠨ ᠲᠤᠰ ᠨᠤᠳᠤᠭ ᠤᠨ ᠦᠪᠡᠷᠮᠢᠴᠠ ᠭᠠᠷᠤᠯᠳᠠ ᠶᠢᠨ ᠴᠠᠬᠢᠮ ᠬᠤᠳᠠᠯᠳᠤᠭᠠᠨ ᠤ ᠲᠠᠪᠴᠠᠩ ᠪᠠᠶᠢᠭᠤᠯᠤᠭᠰᠠᠨ ᠪᠠᠶᠢᠨ᠎ᠠ᠃

    ᠦᠪᠦᠷ ᠮᠤᠩᠭ᠋ᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠩᠭ᠋ᠠᠭᠰᠠᠨ ᠲᠤᠭ᠎ᠠ ᠪᠠᠷᠢᠮᠳᠠ ᠨᠢ ᠬᠦᠳᠡᠬᠡ ᠲᠤᠰᠬᠤᠨ ᠤ ᠴᠠᠬᠢᠮ ᠬᠤᠳᠠᠯᠳᠤᠭᠠᠨ ᠤ ᠲᠠᠯᠳᠠ ᠬᠦᠴᠦᠨ ᠢ ᠬᠦᠢᠴᠡᠳ ᠬᠠᠷᠠᠭᠤᠯᠵᠠᠢ᠃ 2016 ᠤᠨ ᠤ 6 ᠰᠠᠷ᠎ᠠ  ᠪᠤᠯᠳᠠᠯ᠎ᠠ᠂ 8 ᠵᠢᠱᠢᠶ᠎ᠠ ᠦᠵᠡᠬᠦᠯᠬᠦ ᠰᠢᠶᠠᠨ ᠤ ᠴᠠᠬᠢᠮ ᠬᠤᠳᠠᠯᠳᠤᠭᠠᠨ ᠤ ᠨᠤᠷᠮ᠎ᠠ ᠨᠢ 7.25 ᠳ᠋ᠦᠩᠰᠢᠭᠤᠷ ᠲᠦᠭᠦᠷᠢᠭ᠌᠌ ᠲᠤ ᠬᠦᠷᠴᠦ᠂ ᠲᠠᠪᠬᠤᠷᠳᠠᠭᠰᠠᠨ ᠲᠤᠭ᠎ᠠ ᠪᠡᠷ 31321 ᠬᠦᠮᠦᠨ ᠪᠤᠯᠪᠠᠰᠤᠷᠠᠯ ᠬᠦᠷᠳᠡᠵᠤ᠂ ᠨᠧᠲ ᠪᠤᠯᠤᠨ ᠸᠢᠴᠠᠲ ᠤᠨ 5956 ᠴᠠᠬᠢᠮ ᠬᠤᠳᠠᠯᠳᠤᠭᠠᠨ ᠤ ᠲᠠᠪᠴᠠᠩ ᠪᠠᠶᠢᠭᠤᠯᠤᠨ᠂ ᠦᠨᠳᠦᠰᠦᠨ ᠱᠠᠳᠤᠨ ᠤ ᠦᠢᠯᠡᠴᠢᠯᠡᠬᠡᠨ ᠤ 1302 ᠦᠷᠳᠡᠬᠡ ᠶᠢ ᠵᠠᠰᠠᠨ ᠪᠠᠶᠢᠭᠤᠯᠵᠤ᠂ 19195 ᠬᠦᠮᠦᠨ ᠳᠤ ᠠᠵᠢᠯ  ᠤᠯᠭᠤᠵᠠᠢ᠃ ᠡᠨᠡ ᠵᠢᠯ ᠤᠨ 1-3 ᠰᠠᠷ᠎ᠠ ᠳᠤ᠂ ᠦᠪᠦᠷ ᠮᠤᠩᠭ᠋ᠤᠯ ᠤᠨ ᠴᠠᠬᠢᠮ ᠬᠤᠳᠠᠯᠳᠤᠭᠠᠨ ᠤ ᠨᠤᠷᠮ᠎ᠠ 485.06 ᠳ᠋ᠦᠩᠰᠢᠭᠤᠷ ᠲᠦᠭᠦᠷᠢᠭ᠌᠌  ᠲᠤ ᠬᠦᠷᠴᠦ᠂ ᠢᠨᠲ᠋ᠧᠷᠨᠧᠲ ᠪᠤᠷᠤᠯᠠᠭᠤᠯᠭ᠎ᠠ 42.62 ᠳ᠋᠋ᠦ᠋ᠩᠰᠢᠭᠤᠷ ᠲᠦᠭᠦᠷᠢᠭ᠌᠌ ᠲᠤ ᠬᠦᠷᠴᠡᠢ᠃

    ᠦᠪᠦᠷ ᠮᠤᠩᠭ᠋ᠤᠯ ᠤᠨ ᠴᠠᠬᠢᠮ ᠬᠤᠳᠠᠯᠳᠤᠭᠠᠨ ᠤ ᠬᠦᠭ᠍ᠵᠢᠯᠳᠡ ᠲᠠᠷᠢᠶᠠᠯᠠᠩ ᠤᠨ ᠪᠦᠲᠦᠭᠡᠭ᠍ᠳᠡᠬᠦᠨ ᠳ᠋ᠦ ᠯᠡ ᠬᠢᠵᠠᠭᠠᠷᠯᠠᠬᠳᠠᠬᠤ ᠪᠢᠰᠢ᠃ 《 ᠬᠦᠬᠡᠬᠤᠳᠠ ᠶᠢᠨ ᠴᠠᠬᠢᠮ ᠬᠤᠳᠠᠯᠳᠤᠭᠠᠨ ᠤ ᠠᠵᠤ ᠦᠢᠯᠡᠰ ᠤᠨ ᠲᠦᠪᠯᠡᠷᠡᠯ ᠤᠨ ᠤᠷᠤᠨ》 ᠶᠠᠭ ᠤᠯᠠᠮᠵᠢᠯᠠᠯᠳᠤ ᠠᠵᠤ ᠦᠢᠯᠡᠰ ᠤᠨ ᠴᠠᠬᠢᠮ ᠬᠤᠳᠠᠯᠳᠤᠭ᠎ᠠ ᠪᠡᠷ ᠭᠤᠤᠯᠯᠠᠨ᠂ 《 ᠨᠢᠬᠡ ᠰᠠᠭᠤᠷᠢᠨ᠂ ᠵᠢᠷᠭᠤᠭᠠᠨ ᠲᠦᠪ》 ᠢ ᠪᠠᠶᠢᠭᠤᠯᠵᠤ᠂ ᠦᠪᠦᠷ ᠮᠤᠩᠭ᠋ᠤᠯ ᠤᠨ ᠬᠤᠳᠠᠯᠳᠤᠭᠠᠨ ᠤ ᠨᠧᠲ ᠤᠨ ᠨᠡᠶᠢᠳᠡ ᠶᠢᠨ ᠦᠢᠯᠡᠴᠢᠬᠡᠨ ᠤ ᠲᠠᠪᠴᠠᠩ ᠤᠨ ᠵᠠᠭᠪᠤᠷ ᠢᠶᠡᠨ ᠦᠬᠡᠷᠡᠴᠢᠯᠡᠨ ᠲᠡᠰ ᠲᠡᠪᠰᠢᠬᠦ ᠶᠢ ᠠᠬᠢᠭᠤᠯᠵᠦ ᠪᠠᠢᠢᠨ᠎ᠠ᠃ ᠪᠤᠭᠤᠳᠤ ᠬᠤᠳᠠ ᠮᠦᠨ 《 ᠢᠨᠲ᠋ᠧᠷᠨᠧᠲ + ᠪᠤᠯᠤᠳ ᠲᠡᠮᠦᠷ》 ᠤᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠠᠢ᠂ ᠲᠦᠩᠯᠢᠶᠤᠤ 《 ᠭᠤᠤᠯ ᠡᠵᠡᠩᠨᠡᠯᠳᠡ ᠭᠤᠷᠪᠠᠨ ᠲᠤᠰᠠᠯᠠᠬᠤ》 ᠴᠠᠬᠢᠮ ᠬᠤᠳᠠᠯᠳᠤᠭᠠᠨ ᠤ ᠰᠢᠰᠲ᠋ᠧᠮ ᠢ ᠪᠠᠶᠢᠭᠤᠯᠵᠤ᠂ ᠴᠠᠬᠢᠮ ᠬᠤᠳᠠᠯᠳᠤᠭᠠᠨ ᠤ ᠲᠦᠪ᠂ ᠴᠠᠬᠢᠮ ᠬᠤᠳᠠᠯᠳᠤᠭ᠎ᠠ ᠶᠢ ᠲᠤᠰᠠᠯᠠᠬᠤ ᠵᠡᠬᠡᠯᠢ᠂ ᠡᠬᠦᠳᠦᠭᠴᠢ ᠶᠢᠨ ᠤᠷᠤᠨ ᠵᠠᠢ ᠶᠢ ᠪᠠᠶᠢᠭᠤᠯᠵᠤ᠂ ᠦᠪᠦᠷ ᠮᠤᠩᠭ᠋ᠤᠯ ᠤᠨ ᠵᠡᠬᠦᠨ ᠤᠷᠤᠨ ᠳᠤ ᠴᠠᠬᠢᠮ ᠬᠤᠳᠠᠯᠳᠤᠭᠠᠨ ᠤ ᠨᠦᠯᠦᠬᠡ ᠶᠡᠬᠡᠲᠡᠢ ᠰᠠᠴᠤᠷᠠᠯᠳᠠ ᠶᠢᠨ ᠲᠦᠪ ᠢ ᠪᠠᠶᠢᠭᠤᠯᠬᠤ ᠪᠡᠷ ᠲᠦᠯᠦᠪᠯᠡᠵᠤ ᠪᠤᠢ᠃ ᠦᠨᠦ ᠵᠢᠯ ᠤᠨ ᠨᠢᠬᠡᠳᠤᠬᠡᠷ ᠤᠯᠠᠷᠢᠯ ᠳᠤ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠠᠵᠦ ᠠᠬᠤᠢᠢᠯᠠᠯ ᠤᠳ ᠬᠢᠯᠢ ᠲᠠᠮᠨᠠᠭᠰᠠᠨ ᠴᠠᠬᠢᠮ ᠬᠤᠳᠠᠯᠳᠤᠭᠠᠨ ᠤ ᠲᠠᠪᠴᠠᠩ 40  ᠪᠠᠶᠢᠭᠤᠯᠤᠭᠰᠠᠨ ᠪᠠᠶᠢᠨ᠎ᠠ᠃

ᠢᠷᠡᠯᠳᠡ᠄ ᠲᠤᠮᠳᠠᠳᠤ ᠤᠯᠤᠰ ᠤᠨ ᠵᠠᠯᠠᠭᠤᠴᠤᠳ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121497955