蒙古文网站Logo
ᠰᠢᠨᠬᠤᠸᠠ ᠮᠤᠩᠭ᠋ᠤᠯ ᠨᠧᠲ

ᠰᠤᠤᠬᠠᠨ ᠬᠡᠷᠡᠯᠳᠤ᠄《ᠲᠠᠯ᠎ᠠ᠂ ᠮᠠᠯ᠂ ᠮᠠᠯᠴᠢᠨ》 ᠤ ᠬᠦᠳᠡᠯᠦᠩᠬᠦᠢ ᠪᠦᠲᠦᠴᠡ ᠶᠢ ᠰᠡᠷᠬᠦᠬᠡᠶ᠎ᠡ

2017-08-17 11:39

    ᠰᠢᠨᠬᠤᠸᠠ ᠮᠤᠩᠭᠤᠯ ᠨᠧᠲ ᠬᠦᠬᠡᠬᠤᠳᠠ ᠶᠢᠨ 8 ᠰᠠᠷ᠎ᠠ ᠶᠢᠨ 16 ᠤ ᠡᠳᠤᠷ ᠤᠨ ᠴᠠᠬᠢᠯᠭᠠᠨ ᠮᠡᠳᠡᠬᠡ ( ᠪᠠᠢ ᠯᠢᠩ ᠳ᠋ᠢ ᠬᠡᠦᠬᠡᠨᠰᠤᠯᠢ) 《ᠲᠠᠯ᠎ᠠ᠂ ᠮᠠᠯ᠂ ᠮᠠᠯᠴᠢᠨ》 ᠤ᠋ ᠬᠦᠳᠡᠯᠦᠩᠬᠦᠢ ᠪᠦᠲᠦᠴᠡ ᠲᠠᠢ ᠮᠠᠯᠵᠢᠬᠤ ᠠᠮᠢᠳᠤᠷᠠᠯ ᠤᠳᠤ ᠪᠤᠯᠬᠤ ᠳᠤ ᠬᠦᠳᠡᠯᠦᠩᠬᠦᠢ ᠪᠤᠰᠤ ᠪᠤᠯᠵᠤ ᠪᠦᠲᠦᠴᠡ ᠵᠤᠬᠢᠴᠠᠯ ᠨᠢ ᠡᠪᠳᠡᠭᠳᠡᠨ᠂ ᠮᠠᠯᠵᠢᠬᠤ ᠦᠢᠯᠡᠳᠪᠦᠷᠢᠯᠡᠯ ᠮᠠᠰᠢᠨᠴᠢᠯᠠᠭᠰᠠᠨ ᠪᠤᠯᠪᠠᠴᠤ ᠮᠠᠯᠴᠢᠳ ᠤᠨ ᠤᠷᠤᠯᠭ᠎ᠠ ᠵᠠᠷᠤᠯᠭ᠎ᠠ ᠵᠤᠬᠢᠴᠠᠯᠳᠤᠬᠤ ᠦᠬᠡᠢ ᠪᠤᠯᠵᠠᠢ᠃ ᠡᠶᠢᠨᠬᠦ《ᠲᠠᠯ᠎ᠠ᠂ ᠮᠠᠯ᠂ ᠮᠠᠯᠴᠢᠨ》 ᠤ᠋ ᠬᠦᠳᠡᠯᠦᠩᠬᠦᠢ ᠪᠦᠲᠦᠴᠡ ᠶᠢ ᠰᠡᠷᠬᠦᠬᠡᠵᠤ ᠮᠠᠯᠴᠢᠳ ᠤᠨ ᠠᠰᠢᠭ ᠤᠷᠤᠯᠭ᠎ᠠ ᠶᠢ ᠬᠡᠷᠬᠢᠨ ᠨᠡᠮᠡᠭᠳᠡᠬᠦᠯᠬᠦ ᠲᠤᠬᠠᠢ ᠪᠤᠳᠤᠯᠭᠠᠰᠢᠷᠠᠵᠤ ᠶᠠᠪᠤᠳᠠᠭ ᠰᠤᠤᠬᠠᠨ ᠬᠡᠷᠡᠯᠳᠤ ᠫᠷᠤᠹᠧᠰᠰᠤᠷ ᠡᠴᠡ ᠶᠠᠷᠢᠯᠴᠠᠯᠭ᠎ᠠ ᠠᠪᠤᠯ᠎ᠠ᠃

    ᠬᠡᠷᠡᠯᠳᠤ ᠫᠷᠤᠹᠧᠰᠰᠤᠷ ᠦᠪᠦᠷ ᠮᠤᠩᠭᠤᠯ ᠤᠨ ᠮᠠᠯ ᠠᠵᠤ ᠠᠬᠤᠢ ᠶᠢᠨ ᠡᠷᠡᠬᠦᠯ ᠬᠦᠭ᠍ᠵᠢᠯᠳᠡ ᠶᠢ ᠠᠬᠢᠭᠤᠯᠬᠤ᠂ ᠮᠠᠯᠴᠢᠳ ᠤᠨ ᠠᠰᠢᠭ ᠤᠷᠤᠯᠭ᠎ᠠ ᠶᠢ ᠨᠡᠮᠡᠭᠳᠡᠬᠦᠯᠬᠦ ᠪᠠ ᠲᠤᠭᠳᠠᠪᠤᠷᠢᠲᠠᠢ ᠬᠦᠭ᠍ᠵᠢᠯᠳᠡ ᠶᠢᠨ ᠠᠷᠭ᠎ᠠ ᠪᠤᠳᠤᠯᠭ᠎ᠠ ᠶᠢ ᠰᠦᠪᠡᠭ᠍ᠴᠢᠯᠡᠬᠦ ᠡᠬᠦᠳᠡᠨ ᠡᠴᠡ 2015 ᠤᠨ ᠳᠤ《ᠦᠪᠦᠷ ᠮᠤᠩᠭᠤᠯ ᠤᠨ ᠮᠠᠯᠵᠢᠬᠤ ᠤᠷᠤᠨ ᠤ ᠨᠦᠬᠡᠴᠡ ᠪᠠᠶᠠᠯᠢᠭ ᠤᠨ ᠬᠠᠮᠳᠤ ᠶᠢᠨ ᠠᠵᠢᠯᠯᠠᠭᠠᠨ ᠤ ᠡᠪᠯᠡᠯ》 ᠢ᠋ ᠰᠠᠨᠠᠭᠠᠴᠢᠯᠠᠨ ᠪᠠᠶᠢᠭᠤᠯᠵᠠᠢ᠃

    ᠳᠤᠰ ᠡᠪᠯᠡᠯ ᠨᠢ ᠦᠪᠦᠷ ᠮᠤᠩᠭᠤᠯ ᠤᠨ ᠮᠠᠯᠵᠢᠬᠤ ᠤᠷᠤᠨ ᠤ ᠮᠠᠯ ᠠᠵᠤ ᠠᠬᠤᠢ ᠶᠢᠨ ᠤᠯᠠᠨ ᠪᠠᠶᠢᠭᠤᠯᠤᠯᠭ᠎ᠠ ᠨᠢᠬᠡᠴᠡ᠂ ᠬᠤᠷᠰᠢᠶᠠᠵᠢᠯ ᠤᠨ ᠡᠷᠦᠬᠡ ᠪᠤᠯᠤᠨ ᠬᠤᠯᠪᠤᠭᠳᠠᠯ ᠪᠦᠬᠦᠢ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠰᠠᠶᠢᠨ ᠲᠤᠷ᠎ᠠ ᠡᠴᠡ ᠪᠠᠨ ᠬᠠᠮᠳᠤᠷᠠᠯᠴᠠᠭᠰᠠᠨ᠂ ᠵᠠᠰᠠᠭ ᠤᠨ ᠤᠷᠳᠤᠨ᠂ ᠮᠠᠯᠴᠢᠨ ᠲᠠᠷᠢᠶᠠᠴᠢᠨ᠂ ᠵᠠᠬ᠎ᠠ ᠲᠡᠯᠭᠡᠭᠦᠷ ᠤᠨ ᠬᠤᠭᠤᠷᠤᠨᠳᠤᠬᠢ ᠵᠠᠭᠤᠴᠢ ᠪᠤᠯᠤᠭᠰᠠᠨ ᠭᠠᠵᠠᠷ ᠤᠷᠤᠨᠴᠢ ᠴᠢᠨᠠᠷᠲᠠᠢ᠂ ᠠᠰᠢᠭ ᠤᠨ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠪᠤᠯᠤᠨ᠎ᠠ᠃ ᠲᠤᠰ ᠡᠪᠯᠡᠯ ᠨᠢ ᠬᠡᠰᠢᠬᠦᠳ ᠤᠨ ᠬᠡᠷᠡᠭᠴᠡᠬᠡ ᠪᠡᠷ ᠬᠦᠳᠤᠯᠪᠦᠷᠢ ᠪᠤᠯᠭᠠᠨ᠂ ᠡᠪᠯᠡᠯ ᠤᠨ《ᠢᠳᠡᠬᠡᠮᠵᠢ ᠶᠢᠨ ᠦᠷᠳᠡᠭ》᠂《ᠬᠠᠮᠳᠤ ᠶᠢᠨ ᠴᠢᠳᠠᠮᠵᠢ》᠂《ᠪᠷᠧᠨ᠋ᠳ᠋ ᠤᠨ ᠨᠦᠯᠦᠬᠡ》 ᠳ᠋ᠤ ᠲᠦᠰᠢᠭᠯᠡᠨ ᠬᠡᠰᠢᠬᠦᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠬᠠᠮᠵᠢᠯᠴᠠᠭ᠎ᠠ ᠶᠢ ᠠᠬᠢᠭᠤᠯᠤᠨ᠂ ᠲᠡᠮᠨᠡᠯᠴᠠᠵᠤ᠂ ᠬᠠᠮᠳᠤ ᠶᠢᠨ ᠬᠦᠭ᠍ᠵᠢᠯᠳᠡ ᠶᠢ ᠠᠬᠢᠭᠤᠯᠬᠤ ᠪᠡᠷ ᠵᠤᠷᠢᠯᠭ᠎ᠠ ᠪᠤᠯᠭᠠᠨ᠂ ᠡᠪᠯᠡᠯ ᠤᠨ ᠢᠶᠡᠨ ᠲᠠᠪᠠᠭᠤᠯᠢᠭ ᠪᠤᠯᠤᠨ ᠴᠢᠳᠠᠮᠵᠢ ᠶᠢ ᠬᠦᠢᠴᠡᠳ ᠠᠰᠢᠭᠯᠠᠨ ᠮᠠᠯᠴᠢᠨ ᠲᠠᠷᠢᠶᠠᠴᠢᠳ ᠲᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠰᠢᠶ᠋ᠳᠪᠦᠷᠢᠯᠡᠬᠦ ᠪᠤᠶᠤ ᠦᠢᠯᠡᠴᠢᠯᠡᠬᠡ ᠬᠠᠩᠭᠠᠵᠤ ᠨᠦᠬᠡᠴᠠ ᠪᠠᠶᠠᠯᠢᠭ ᠢ ᠵᠤᠬᠢᠴᠠᠭᠤᠯᠳᠠᠬ᠃

    ᠤᠳᠤ ᠲᠤᠰ ᠡᠪᠯᠡᠯ ᠳᠤ 360 ᠭᠠᠷᠤᠢ ᠬᠤᠷᠰᠢᠶ᠎ᠠ᠂ 150 ᠰᠢᠬᠠᠮ ᠺᠤᠮᠫᠠᠨᠢ ᠪᠤᠯᠤᠨ 160 ᠭᠠᠷᠤᠢ ᠬᠤᠪᠢ ᠶᠢᠨ ᠡᠷᠦᠬᠡ ᠬᠡᠰᠢᠬᠦᠨ ᠲᠠᠢ ᠪᠤᠯᠤᠭᠠᠳ ᠪᠠᠶᠢᠨ᠎ᠠ᠃ ᠲᠤᠰ ᠡᠪᠯᠡᠯ ᠪᠠᠰᠠ ᠵᠢᠯ ᠪᠦᠷᠢ ᠦᠪᠦᠷ ᠮᠤᠩᠭᠤᠯ ᠤᠨ ᠮᠠᠯᠵᠢᠬᠤ ᠤᠷᠤᠨ ᠤ ᠨᠦᠬᠡᠴᠠ ᠪᠠᠶᠠᠯᠢᠭ ᠤᠨ ᠲᠤᠬᠠᠢ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠲᠤᠭᠳᠠᠪᠦᠷᠢᠳᠠᠢ ᠨᠡᠮᠡᠭᠳᠡᠬᠦᠯᠬᠦ ᠪᠠ ᠬᠤᠯᠪᠤᠭᠳᠠᠬᠤ ᠰᠢᠰᠲ᠋ᠧᠮ ᠢ ᠪᠦᠲᠤᠭᠡᠨ ᠪᠠᠶᠢᠭᠤᠯᠬᠤ ᠮᠡᠳᠤ ᠶᠢᠨ ᠰᠡᠳᠤᠪ ᠤᠨ ᠲᠤᠭᠤᠷᠢᠨ ᠳᠤ ᠵᠠᠰᠠᠭ ᠤᠨ ᠤᠷᠳᠤᠨ᠂ ᠮᠠᠯᠴᠢᠨ ᠲᠠᠷᠢᠶᠠᠴᠢᠨ᠂ ᠠᠵᠤ ᠠᠬᠤᠶᠢᠯᠠᠯᠳᠠᠨ᠂ ᠡᠷᠳᠡᠮᠳᠡᠨ ᠮᠡᠷᠬᠡᠵᠢᠯᠳᠡᠨ ᠤᠷᠤᠯᠴᠠᠭᠰᠠᠨ ᠰᠤᠳᠤᠯᠤᠨ ᠶᠠᠷᠢᠯᠴᠠᠬᠤ ᠬᠤᠷᠠᠯ ᠵᠤᠬᠢᠶᠠᠨ ᠪᠠᠢᠢᠭᠤᠯᠵᠦ᠂ ᠮᠠᠯᠵᠢᠬᠤ ᠤᠷᠤᠨ ᠤ ᠡᠳ᠋ ᠤᠨ ᠵᠠᠰᠠᠭ ᠢ ᠡᠷᠡᠬᠦᠯ ᠢᠶᠡᠷ ᠬᠦᠭ᠍ᠵᠢᠬᠦᠯᠬᠦ ᠠᠷᠭ᠎ᠠ ᠪᠤᠳᠤᠯᠭ᠎ᠠ ᠬᠠᠶᠢᠨ ᠰᠦᠪᠡᠭ᠍ᠴᠢᠯᠡᠳᠡᠭ᠃

    《ᠤᠳᠤᠬᠠᠨ ᠳᠤ ᠡᠪᠯᠡᠯ ᠮᠠᠨᠢ ᠶᠠᠭ ᠮᠠᠯᠵᠢᠬᠤ ᠤᠷᠤᠨ ᠤ ᠰᠠᠭᠤᠷᠢ ᠠᠵᠢᠯ ᠡᠴᠡ ᠡᠬᠢᠯᠡᠨ ᠵᠤᠬᠢᠴᠠᠭᠤᠯᠤᠨ ᠬᠢᠵᠤ ᠪᠤᠢ᠂ ᠤᠳᠤ ᠬᠤᠷᠰᠢᠶᠠᠵᠢᠯ ᠨᠡᠯᠢᠶᠡᠳ ᠤᠯᠠᠨ ᠪᠤᠯᠵᠤ ᠪᠠᠶᠢᠨ᠎ᠠ᠂ ᠡᠨᠡ ᠰᠠᠭᠤᠷᠢᠨ ᠳᠤ ᠪᠢᠳᠡ ᠬᠤᠷᠰᠢᠶᠠᠵᠢᠯ ᠢ ᠤᠯᠠᠮ ᠲᠦᠷᠢᠮᠵᠢᠬᠦᠯᠵᠤ᠂ ᠠᠵᠢᠯ ᠢ ᠨᠢ ᠪᠠᠷᠢᠮᠵᠢᠶᠠᠵᠢᠭᠤᠯᠵᠤ᠂ ᠬᠤᠷᠰᠢᠶᠠᠵᠢᠯ ᠤᠨ ᠪᠦᠲᠦᠭᠡᠭ᠍ᠳᠡᠬᠦᠨ ᠵᠠᠬ᠎ᠠ ᠵᠡᠬᠡᠯᠢ ᠳᠤ ᠭᠠᠷᠳᠠᠯ᠎ᠠ ᠪᠠᠨ ᠶᠠᠮᠠᠷ ᠴᠤ ᠵᠠᠪᠰᠠᠷ ᠤᠨ ᠮᠠᠶᠢᠮᠠᠶᠢᠴᠢᠨ ᠢ ᠲᠠᠮᠵᠢᠬᠤ ᠦᠭᠡᠢ ᠨᠢᠬᠡ ᠴᠤᠭᠴᠠᠳᠤ ᠠᠵᠢᠯ ᠤᠨ ᠠᠷᠭ᠎ᠠ ᠬᠡᠮᠵᠢᠶ᠎ᠡ ᠪᠦᠬᠦᠢ ᠰᠢᠰᠲ᠋ᠧᠮ ᠪᠦᠷᠢᠯᠳᠦᠬᠦᠯᠵᠦ᠂ ᠮᠠᠯᠴᠢᠳ ᠪᠦᠬᠦ ᠶᠠᠪᠤᠴᠠ ᠶᠢ ᠦᠪᠡᠷ ᠢᠶᠡᠨ ᠡᠵᠡᠮᠳᠡᠨ ᠦᠪᠡᠷ ᠢᠶᠡᠨ ᠵᠠᠬ᠎ᠠ ᠵᠡᠬᠡᠯᠢ ᠳᠤ ᠤᠷᠤᠵᠤ᠂ ᠦᠪᠡᠷ ᠤᠨ ᠦᠷᠳᠡᠭ ᠢᠶᠡᠨ ᠪᠠᠭᠤᠷᠠᠭᠤᠯᠤᠨ ᠠᠰᠢᠭ ᠤᠷᠤᠯᠭ᠎ᠠ ᠪᠡᠨ ᠨᠡᠮᠡᠭᠳᠡᠬᠦᠯᠬᠦ ᠪᠤᠯ ᠮᠠᠨ ᠤ ᠡᠪᠯᠡᠯ ᠤᠨ ᠵᠤᠷᠢᠯᠭ᠎ᠠ ᠮᠦᠨ》ᠬᠡᠵᠡᠢ᠃

    ᠰᠤᠤᠬᠠᠨ ᠬᠡᠷᠡᠯᠳᠤ᠂ ᠬᠦᠯᠦᠨ ᠪᠤᠶᠢᠷ ᠬᠤᠳᠠ ᠶᠢᠨ ᠧᠡᠩᠬᠢ ᠬᠤᠰᠢᠭᠤᠨ ᠤ ᠬᠦᠮᠦᠨ᠂ ᠤᠳᠤ ᠦᠪᠦᠷ ᠮᠤᠩᠭᠤᠯ ᠤᠨ ᠳᠠᠷᠢᠶᠠᠯᠠᠩ ᠤᠨ ᠶᠡᠬᠡ ᠰᠤᠷᠭᠠᠭᠤᠯᠢ ᠳᠤ ᠫᠷᠤᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ ᠪᠡᠷ ᠠᠵᠢᠯᠯᠠᠵᠤ ᠪᠤᠢ᠃ 1991 ᠤᠨ ᠡᠴᠡ 2002 ᠤᠨ ᠤ ᠬᠤᠭᠤᠷᠤᠨᠳᠤ ᠶᠠᠫᠤᠨ ᠳᠤ ᠰᠤᠷᠤᠯᠴᠠᠵᠤ ᠬᠦᠨ ᠤᠬᠠᠭᠠᠨ ᠤ ᠮᠠᠭᠢᠰᠲ᠋ᠷ ᠪᠤᠯᠤᠨ ᠬᠦᠨ ᠤᠬᠠᠭᠠᠨ ᠤ ᠳ᠋ᠤᠺᠲ᠋ᠤᠷ ᠴᠤᠯᠠ ᠬᠠᠮᠠᠭᠠᠯᠠᠵᠠᠢ᠃ ᠰᠤᠷᠭᠠᠭᠤᠯᠢ ᠪᠡᠨ ᠲᠡᠬᠦᠰᠤᠭᠡᠳ ᠶᠠᠫᠤᠨ ᠳᠤ ᠬᠤᠶᠠᠷ ᠵᠢᠯ ᠠᠵᠢᠯᠯᠠᠵᠤ᠂ 2004 ᠤᠨ ᠳᠤ ᠤᠯᠤᠰ ᠲᠤ ᠪᠠᠨ ᠪᠤᠴᠠᠵᠤ ᠦᠪᠦᠷ ᠮᠤᠩᠭᠤᠯ ᠤᠨ ᠳᠠᠷᠢᠶᠠᠯᠠᠩ ᠤᠨ ᠶᠡᠬᠡ ᠰᠤᠷᠭᠠᠭᠤᠯᠢ ᠳᠤ ᠪᠠᠭᠰᠢᠯᠠᠪᠠ᠃《ᠮᠤᠩᠭᠤᠯ ᠬᠢᠬᠡᠳ ᠠᠯᠳᠠᠨ ᠤᠷᠤᠭᠳᠠᠨ》᠂《ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠭ᠍ᠵᠢᠯᠳᠡ ᠶᠢᠨ ᠲᠡᠦᠬᠡ》᠂《ᠮᠤᠩᠭᠤᠯ ᠦᠨᠳᠦᠰᠦᠳᠡᠨ ᠤ ᠤᠯᠠᠮᠵᠢᠯᠠᠯᠳᠤ ᠰᠤᠶᠤᠯ ᠢ ᠲᠠᠨᠢᠬᠤ ᠪᠠ ᠤᠶᠢᠯᠠᠭᠠᠬᠤ ᠶᠢᠨ ᠴᠢᠬᠤᠯᠠ ᠴᠢᠨᠠᠷ》᠂《ᠴᠢᠩᠬᠢᠰ ᠬᠠᠭᠠᠨ ᠤ ᠬᠠᠰᠪᠤᠤ ᠲᠠᠮᠠᠭ᠎ᠠ ᠶᠢᠨ ᠲᠤᠮᠤᠭ ᠤᠨ ᠲᠤᠬᠠᠢ》᠂ 《ᠮᠤᠩᠭᠤᠯᠴᠤᠳ ᠤᠨ ᠪᠠᠶᠢᠭᠠᠯᠢ ᠶᠢᠨ ᠦᠵᠡᠯᠳᠡ ᠪᠤᠯᠤᠨ ᠨᠡᠬᠦᠳᠡᠯ ᠰᠤᠶᠤᠯ》 ᠵᠡᠷᠬᠡ ᠮᠤᠩᠭᠤᠯ᠂ ᠬᠢᠳᠠᠳ᠂ ᠶᠠᠫᠤᠨ ᠬᠡᠯᠡ ᠪᠡᠷ ᠤᠯᠠᠨ ᠦᠬᠦᠯᠡᠯ ᠨᠡᠶᠢᠳᠡᠯᠡᠭᠰᠡᠨ ᠪᠠ《ᠧᠡᠩᠬᠢ ᠠᠷᠠᠳ ᠤᠨ ᠠᠮᠠᠨ ᠦᠯᠢᠭᠡᠷ》 ᠤᠨ ᠡᠮᠬᠢᠳᠬᠡᠯ᠂《ᠮᠠᠷᠺᠰ ᠤᠨ ᠦᠵᠡᠯ ᠤᠨ ᠬᠦᠨ ᠤᠬᠠᠭᠠᠨ ᠤ ᠲᠡᠦᠬᠡ》ᠵᠡᠷᠬᠡ ᠨᠤᠮ ᠪᠤᠯᠤᠨ ᠰᠤᠷᠬᠤ ᠪᠢᠴᠢᠭ᠌ ᠨᠠᠶᠢᠷᠠᠭᠤᠯᠤᠨ ᠬᠡᠪᠯᠡᠬᠦᠯᠦᠭᠰᠡᠨ ᠪᠠᠶᠢᠨ᠎ᠠ᠃ ᠤᠳᠤᠬᠠᠨ ᠳᠤ ᠭᠤᠤᠯᠳᠠᠭᠤ ᠮᠤᠩᠭᠤᠯ ᠤᠨ ᠨᠢᠭᠤᠴᠠ ᠲᠤᠪᠴᠢᠶᠠᠨ ᠪᠠ ᠪᠠᠭᠠᠳᠤᠷᠯᠢᠭ ᠲᠤᠤᠯᠢ ᠶᠢᠨ ᠬᠠᠷᠢᠴᠠᠭᠤᠯᠤᠭᠰᠠᠨ ᠰᠤᠳᠤᠯᠤᠯ᠂ ᠮᠤᠩᠭᠤᠯ ᠦᠨᠳᠦᠰᠦᠳᠡᠨ ᠤ ᠤᠯᠠᠮᠵᠢᠯᠠᠯᠳᠤ ᠦᠵᠡᠯ ᠤᠬᠠᠮᠰᠠᠷ ᠪᠤᠯᠤᠨ ᠵᠠᠬ᠎ᠠ ᠵᠡᠬᠡᠯᠢ ᠶᠢᠨ ᠦᠵᠡᠯ ᠤᠬᠠᠮᠰᠠᠷ ᠤᠨ ᠰᠤᠳᠤᠯᠭᠠᠨ ᠵᠡᠷᠬᠡ ᠲᠠᠯ᠎ᠠ ᠶᠢᠨ ᠲᠦᠰᠦᠯ ᠢ ᠬᠠᠷᠢᠭᠤᠴᠠᠨ ᠬᠢᠵᠤ ᠪᠤᠢ᠃

ᠢᠷᠡᠯᠳᠡ᠄ ᠰᠢᠨᠬᠤᠸᠠ ᠮᠤᠩᠭᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121498555