蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠡᠸᠦ᠋ᠷᠦᠫᠡ ᠶᠢ ᠬᠤᠯᠪᠤᠭᠰᠠᠨ ᠭᠠᠯᠲᠤ ᠲᠡᠷᠭᠡ ᠨᠡᠮᠡᠭᠳᠡᠭᠡᠳ 11 ᠪᠤᠯᠪᠠ

2017-08-21 11:41

    ᠦᠪᠦᠷ ᠮᠣᠩᠭᠣᠯ ᠤᠨ ᠡᠷᠢᠶᠡᠨ ᠬᠤᠲᠠ ᠶᠢᠨ ᠰᠢᠯᠭᠠᠨ ᠪᠠᠶᠢᠴᠠᠭᠠᠬᠤ ᠬᠢᠵᠢᠭ᠌ ᠪᠠᠶᠢᠴᠠᠭᠠᠬᠤ ᠲᠤᠪᠴᠢᠶ᠎ᠠ ᠶᠢᠨ 17 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠳᠤᠮᠳᠠᠳᠤ ᠡᠸᠦ᠋ᠷᠦᠫᠡ ᠶᠢ ᠬᠤᠯᠪᠤᠭᠰᠠᠨ ᠨᠢᠩᠰᠢᠶᠠ ᠶᠢᠨ ᠭᠠᠯᠲᠤ ᠲᠡᠷᠭᠡ(ᠮᠤᠰᠺᠸᠠ -ᠨᠢᠩᠰᠢᠶᠠ) 11 ᠤ ᠡᠳᠦᠷ ᠡᠷᠢᠶᠡᠨ ᠬᠤᠲᠠ ᠶᠢᠨ ᠪᠤᠭᠤᠮᠲᠠ ᠪᠠᠷ ᠠᠩᠬ᠎ᠠ ᠤᠳᠠᠭ᠎ᠠ ᠬᠢᠯᠢ ᠳᠤ ᠤᠷᠤᠵᠤ ᠢᠷᠡᠪᠡ᠃ ᠢᠩᠭᠢᠭ᠍ᠰᠡᠨ ᠢᠶᠡᠷ᠂ ᠳᠤᠮᠳᠠᠳᠤ ᠤᠯᠤᠰ ᠪᠤᠯᠤᠨ ᠮᠣᠩᠭᠣᠯ ᠤᠯᠤᠰ ᠤᠨ ᠬᠠᠮᠤᠭ ᠤᠨ ᠲᠤᠮᠤ ᠡᠬᠡ ᠬᠠᠭᠤᠷᠠᠢ ᠶᠢᠨ ᠪᠤᠭᠤᠮᠲᠠ - ᠡᠷᠢᠶᠡᠨ ᠬᠤᠲᠠ ᠶᠢᠨ ᠪᠤᠭᠤᠮᠲᠠ ᠪᠡᠷ ᠦᠡᠭ᠍ᠭᠡᠷᠡᠭᠦ ᠳᠤᠮᠳᠠᠳᠤ ᠡᠸᠦ᠋ᠷᠦᠫᠡ ᠶᠢ ᠬᠤᠯᠪᠤᠭᠰᠠᠨ ᠭᠠᠯᠲᠤ ᠲᠡᠷᠭᠡ ᠨᠡᠮᠡᠭᠳᠡᠭᠡᠳ 11  ᠪᠤᠯᠵᠠᠢ᠃

    ᠳᠤᠮᠳᠠᠳᠤ ᠡᠸᠦ᠋ᠷᠦᠫᠡ ᠶᠢ ᠬᠤᠯᠪᠤᠭᠰᠠᠨ ᠡᠨᠡᠬᠦ ᠭᠠᠯᠲᠤ ᠲᠡᠷᠭᠡᠨ ᠤ ᠠᠶᠠᠯᠠᠯ ᠤᠨ ᠪᠦᠬᠦ ᠤᠷᠳᠤ ᠨᠢ 7500 ᠺᠢᠯᠦᠮᠸᠲ᠋ᠷ᠂ ᠤᠷᠤᠰ ᠤᠨ ᠮᠤᠰᠺᠸᠠ ᠡᠴᠡ ᠬᠦᠳᠡᠯᠵᠤ᠂ ᠡᠷᠢᠶᠡᠨ ᠬᠤᠲᠠ ᠶᠢᠨ ᠰᠢᠯᠭᠠᠨ ᠪᠠᠶᠢᠴᠠᠭᠠᠬᠤ ᠬᠢᠵᠢᠭ᠌ ᠪᠠᠶᠢᠴᠠᠭᠠᠬᠤ ᠲᠤᠪᠴᠢᠶ᠎ᠠ ᠪᠡᠷ ᠪᠠᠢᠢᠴᠠᠭᠠᠨ ᠰᠢᠯᠭᠠᠭᠤᠯᠵᠤ ᠬᠢᠯᠢ ᠳᠤ ᠤᠷᠤᠵᠤ ᠢᠷᠡᠨ ᠨᠢᠩᠰᠢᠶᠠ ᠶᠢᠨ ᠵᠦᠩ ᠸᠸᠢ ᠶᠢᠩ ᠶᠢᠩ ᠱᠦᠢ ᠬᠦᠭᠦᠷᠭᠡ ᠦᠷᠲᠡᠭᠡ ᠳᠤ ᠬᠦᠷᠤᠨ᠎ᠠ᠃ ᠲᠤᠰ ᠭᠠᠯ ᠲᠡᠷᠭᠡ ᠭᠤᠤᠯᠳᠠᠭᠤ 5.25 ᠲᠦᠮᠡᠨ ᠳ᠋ᠤᠯᠯᠠᠷ ᠤᠨ ᠦᠷᠲᠡᠭ ᠲᠠᠢ 5.87 ᠲᠤᠨ ᠨᠡᠶᠢᠯᠡᠮᠡᠯ ᠱᠠᠯᠠ ᠬᠠᠪᠳᠠᠰᠤ ᠵᠦᠭᠡᠭᠡᠪᠦᠷᠢᠯᠡᠵᠠᠢ᠃ ᠡᠨᠡᠬᠦ ᠭᠠᠯᠲᠤ ᠲᠡᠷᠭᠡ ᠨᠢ ᠬᠡᠪ ᠤᠨ ᠪᠠᠶᠢᠳᠠᠯ ᠳᠤ ᠭᠠᠷᠠᠭ ᠲᠤ 1-2 ᠤᠳᠠᠭᠠᠨ ᠤ ᠠᠶᠠᠯᠠᠯ ᠲᠠᠢ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠭᠡᠨ ᠤ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121516436