蒙古文网站Logo
ᠰᠢᠨᠬᠤᠸᠠ ᠮᠤᠩᠭ᠋ᠤᠯ ᠨᠧᠲ

2020 ᠣᠨ ᠪᠣᠯᠬᠤ ᠳᠤ ᠥᠪᠥᠷ ᠮᠣᠩᠭ᠋ᠤᠯ ᠤᠨ ᠵᠡᠭᠦᠨ ᠬᠡᠰᠡᠭ ᠤᠨ ᠠᠶᠢᠮᠠᠭ ᠬᠤᠲᠠ ᠶᠢᠨ ᠬᠥᠮᠦᠨ ᠪᠦᠷᠢ ᠶᠢᠨ ᠳᠤᠮᠳᠠᠴᠢ ᠪᠦᠰᠡ ᠨᠤᠲᠤᠭ ᠤᠨ ᠦᠢᠯᠡᠳᠪᠦᠷᠢᠯᠡᠯ ᠤᠨ ᠶᠡᠷᠦᠩᠭᠡᠢ ᠥᠷᠲᠡᠭ ᠢ ᠲᠦᠮᠡᠨ ᠳ᠋ᠣᠯᠯᠠᠷ ᠲᠤ ᠬᠦᠷᠭᠡᠨ᠎ᠠ

2017-08-23 11:16

    ᠰᠡᠭᠦᠯ ᠤᠨ ᠦᠶ᠎ᠠ ᠳᠤ᠂ 《ᠥᠪᠥᠷ ᠮᠣᠩᠭ᠋ᠤᠯ ᠤᠨ ᠵᠡᠭᠦᠨ ᠪᠦᠰᠡ ᠣᠷᠣᠨ ᠤ 〈13·5〉ᠬᠦᠭ᠍ᠵᠢᠯᠲᠠ ᠶᠢᠨ ᠲᠦᠰᠦᠯ 》 ᠢ᠋ ᠨᠡᠶᠢᠲᠡᠯᠡᠪᠡ᠃

    ᠲᠦᠰᠦᠯ ᠳᠤ ᠲᠣᠳᠣᠷᠬᠠᠶᠢᠯᠠᠭᠰᠠᠨ ᠨᠢ᠄ ᠦᠪᠦᠷ ᠮᠣᠩᠭᠣᠯ ᠤᠨ ᠵᠡᠭᠦᠨ ᠬᠡᠰᠡᠭ ᠤᠨ ᠠᠶᠢᠮᠠᠭ ᠬᠤᠳᠠ ᠳᠤ ᠬᠥᠯᠥᠨ ᠪᠤᠶᠢᠷ᠂ ᠲᠦᠩᠯᠢᠶᠣᠤ᠂ ᠤᠯᠠᠭᠠᠨᠬᠠᠳᠠ᠂ ᠬᠢᠩᠭ᠋ᠠᠨ᠂ ᠰᠢᠯᠢ ᠶᠢᠨ ᠭᠤᠣᠯ ᠵᠡᠷᠭᠡ 5 ᠠᠶᠢᠮᠠᠭ ᠬᠤᠲᠠ ᠪᠣᠯᠤᠨ ᠮᠠᠨᠵᠤᠤᠷ᠂ ᠡᠷᠢᠶᠡᠨ ᠵᠡᠷᠭᠡ ᠲᠦᠰᠦᠯ ᠳᠤ ᠠᠰᠳᠠᠭᠠᠨ ᠵᠢᠬᠰᠠᠭᠠᠭᠰᠠᠨ 2 ᠬᠤᠳᠠ ᠪᠠᠶᠢᠬᠤ ᠪᠦᠭᠡᠳ 52 ᠬᠤᠰᠢᠭᠤ ᠰᠢᠶᠠᠨ ᠬᠤᠳᠠ ᠲᠣᠭᠤᠷᠢᠭ ᠢ ᠬᠠᠷᠢᠶᠠᠯᠠᠨ᠎ᠠ᠃ 2015 ᠣᠨ ᠤ ᠵᠢᠯ ᠤᠨ ᠡᠴᠦᠰ ᠲᠤ᠂ ᠵᠡᠭᠦᠨ ᠬᠡᠰᠡᠭ ᠤᠨ ᠠᠶᠢᠮᠠᠭ ᠬᠤᠲᠠ ᠶᠢᠨ ᠪᠠᠶᠢᠩᠭ᠋ᠤ ᠰᠠᠭᠤᠭ᠎ᠠ ᠬᠥᠮᠦᠨ ᠠᠮᠠ 1259 ᠲᠦᠮᠡ ᠪᠠᠶᠢᠵᠤ᠂ ᠤᠷᠤᠨ ᠳᠠᠶᠠᠭᠠᠷ ᠤᠨ 50.1% ᠶᠢ ᠡᠵᠡᠯᠡᠵᠦ ᠪᠠᠶᠢᠪᠠ; ᠭᠠᠵᠠᠷ ᠰᠢᠷᠣᠶ ᠶᠢᠨ ᠲᠠᠯᠠᠪᠠᠢ ᠨᠢ 66.5 ᠲᠦᠮᠡᠨ ᠺᠦᠸᠠᠳ᠋ ᠺᠢᠯᠣᠮᠧᠲ᠋ᠷ ᠪᠠᠶᠢᠵᠤ᠂ ᠤᠷᠤᠨ ᠳᠠᠶᠠᠭᠠᠷ ᠤᠨ 56.2% ᠢ ᠡᠵᠡᠯᠡᠵᠦ ᠪᠠᠶᠢᠪᠠ᠃ 2020 ᠣᠨ ᠪᠣᠯᠬᠤ ᠳᠤ᠂ ᠦᠪᠦᠷ ᠮᠣᠩᠭᠣᠯ ᠤᠨ ᠵᠡᠭᠦᠨ ᠬᠡᠰᠡᠭ ᠤᠨ ᠠᠶᠢᠮᠠᠭ ᠬᠤᠲᠠ ᠶᠢᠨ ᠬᠥᠭ᠍ᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠪᠠᠳᠠᠷᠠᠭᠤᠯᠵᠤ᠂ ᠬᠥᠭ᠍ᠵᠢᠯᠲᠡ ᠶᠢᠨ ᠬᠥᠳᠡᠯᠭᠡᠬᠦ ᠬᠦᠴᠦᠨ ᠢ ᠤᠯᠠᠮ ᠴᠢᠩᠭ᠋ᠠᠷᠠᠭᠤᠯᠤᠨ᠂ ᠬᠥᠭ᠍ᠵᠢᠯᠲᠡ ᠶᠢᠨ ᠶᠠᠰᠤ ᠴᠢᠨᠠᠷ ᠢ ᠤᠯᠠᠮ ᠳᠡᠭᠡᠭ᠍ᠰᠢᠯᠡᠭᠦᠯᠵᠦ᠂ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠵᠢᠴᠢ ᠵᠡᠭᠦᠨ ᠬᠤᠶᠢᠲᠤ  ᠶᠢᠨ ᠪᠦᠰᠡ ᠨᠤᠲᠤᠭ ᠤᠨ ᠴᠢᠬᠤᠯᠠ ᠨᠡᠮᠡᠭᠳᠡᠯ ᠤᠨ ᠲᠦᠢᠯ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃

    ᠲᠦᠰᠦᠯ ᠳᠤ ᠦᠪᠦᠷ ᠮᠣᠩᠭᠣᠯ ᠤᠨ ᠵᠡᠭᠦᠨ ᠬᠡᠰᠡᠭ ᠤᠨ ᠠᠶᠢᠮᠠᠭ ᠬᠤᠳᠠ ᠶᠢᠨ ᠬᠥᠭ᠍ᠵᠢᠯᠲᠡ ᠶᠢᠨ ᠲᠠᠯᠳᠠ ᠬᠦᠴᠦᠨ ᠨᠢ ᠨᠡᠯᠢᠶᠡᠳ ᠶᠡᠭᠡ ᠪᠠᠶᠢᠬᠤ ᠶᠢ ᠵᠢᠭᠠᠵᠤ ᠭᠠᠷᠭᠠᠪᠠ᠃

    ᠬᠥᠭ᠍ᠵᠢᠯᠲᠡ ᠶᠢᠨ ᠪᠠᠶᠢᠯᠳᠤᠬᠤ ᠪᠤᠳᠤᠯᠭ᠎ᠠ ᠠᠴᠠ ᠦᠵᠡᠪᠡᠯ᠂ ᠤᠯᠤᠰ ᠠᠴᠠ 《ᠨᠢᠭᠡ ᠪᠦᠰᠡ ᠨᠢᠭᠡ ᠵᠠᠮ》᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠬᠤ ᠬᠥᠭ᠍ᠵᠢᠯᠲᠡ᠂ ᠬᠥᠬᠡ ᠮᠦᠷᠡᠨ ᠤ ᠠᠵᠤ ᠠᠬᠤᠶ ᠶᠢᠨ ᠪᠦᠰᠡ ᠶᠢᠨ ᠬᠥᠭ᠍ᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠸᠧᠬᠠᠢ ᠲᠠᠩᠭᠢᠰ ᠢ ᠲᠣᠭᠤᠷᠢᠭᠰᠠᠨ ᠭᠠᠵᠠᠷ ᠣᠷᠣᠨ ᠤ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠤᠨ᠂ ᠵᠡᠭᠦᠨ ᠬᠡᠰᠡᠭ ᠤᠨ ᠠᠶᠢᠮᠠᠭ ᠬᠤᠲᠠ ᠶᠢᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠴᠤ᠂ ᠪᠦᠬᠦ ᠲᠠᠯ᠎ᠠ ᠪᠠᠷ ᠨᠡᠬᠡᠬᠡᠯᠲᠡ ᠬᠢᠬᠦ ᠶᠢ ᠭᠦᠨᠵᠡᠭᠡᠶᠢᠷᠡᠭᠦᠯᠬᠦ ᠳᠤ ᠬᠤᠪᠣᠷ ᠨᠠᠨᠳᠢᠨ ᠳᠣᠬᠢᠶᠠᠯ ᠣᠯᠭᠤᠪᠠ᠃ ᠢᠯᠠᠩᠭ᠋ᠤᠶ᠎ᠠ ᠤᠯᠤᠰ ᠠᠴᠠ ᠵᠡᠭᠦᠨ ᠬᠤᠶᠢᠲᠤ ᠣᠷᠣᠨ ᠤ ᠬᠥᠭ᠍ᠵᠢᠨ ᠮᠠᠨᠳᠤᠯᠲᠠ ᠶᠢ ᠳᠡᠮᠵᠢᠬᠦ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠵᠦ᠂ ᠵᠡᠭᠦᠨ ᠬᠡᠰᠡᠭ ᠤᠨ ᠠᠶᠢᠮᠠᠭ ᠬᠤᠲᠠ ᠶᠢᠨ ᠳᠠᠪᠠᠯᠲᠠᠲᠤ ᠬᠥᠭ᠍ᠵᠢᠯᠲᠡ ᠳᠤ ᠬᠦᠴᠦᠷᠭᠡᠭ᠌ ᠶᠡᠭᠡ ᠲᠥᠷᠥ ᠶᠢᠨ ᠪᠤᠳᠤᠯᠭ᠎ᠠ ᠶᠢᠨ ᠪᠠᠲᠤᠯᠠᠭ᠎ᠠ ᠣᠯᠭᠤᠪᠠ᠃

    ᠨᠡᠬᠡᠬᠡᠯᠲᠡ ᠬᠢᠬᠦ ᠤᠷᠤᠨ ᠪᠠᠶᠢᠷᠢ ᠠᠴᠠ ᠦᠵᠡᠪᠡᠯ᠂ ᠵᠡᠭᠦᠨ ᠬᠡᠰᠡᠭ ᠤᠨ ᠠᠶᠢᠮᠠᠭ ᠬᠤᠲᠠ ᠨᠢ ᠳᠣᠲᠣᠭᠠᠳᠤ ᠳᠤ ᠪᠡᠨ ᠵᠡᠭᠦᠨ ᠬᠤᠶᠢᠲᠤ ᠶᠢᠨ ᠭᠤᠷᠪᠠᠨ ᠮᠤᠵᠢ᠂ ᠪᠡᠭᠡᠵᠢᠩ ᠲᠢᠶᠠᠨᠵᠢᠨ ᠾᠧᠪᠧᠶ ᠲᠠᠢ ᠵᠠᠯᠭᠠᠯᠳᠤᠨ᠂ ᠭᠠᠳᠠᠭᠰᠢ ᠪᠠᠨ ᠣᠷᠣᠰ ᠮᠣᠩᠭ᠋ᠤᠯ ᠤᠯᠤᠰ ᠯᠤᠭ᠎ᠠ ᠬᠦᠷᠰᠢᠯᠡᠵᠦ᠂ ᠲᠢᠶᠠᠨᠵᠢᠨ᠂ ᠳ᠋ᠠᠯᠢᠶᠠᠨ ᠤ ᠳᠠᠯᠠᠢ ᠶᠢᠨ ᠭᠠᠷᠠᠮ ᠠᠴᠠ ᠨᠡᠯᠢᠶᠡᠳ ᠣᠶᠢᠷᠠᠬᠠᠨ ᠪᠠᠶᠢᠵᠤ᠂ ᠡᠬᠡ ᠬᠠᠭᠤᠷᠠᠶ ᠠᠭᠠᠷ ᠤᠨ ᠪᠣᠭᠤᠮᠲᠠ ᠭᠠᠷᠠᠮ 14 ᠪᠠᠶᠢᠬᠤ ᠪᠦᠭᠡᠳ ᠡᠬᠡ ᠬᠠᠭᠤᠷᠠᠶ ᠪᠣᠯᠣᠨ ᠳᠠᠯᠠᠶ ᠶᠢᠨ ᠬᠤᠯᠪᠣᠭᠠᠯᠠᠨ ᠵᠥᠭᠡᠭᠡᠪᠦᠷᠢᠯᠡᠬᠦ ᠣᠨᠴᠠ ᠳᠠᠪᠠᠭᠤᠯᠢᠭ ᠲᠠᠢ ᠂ ᠵᠡᠭᠦᠨ ᠬᠡᠰᠡᠭ ᠤᠨ ᠠᠶᠢᠮᠠᠭ ᠬᠤᠲᠠ ᠶᠢᠨ ᠪᠦᠬᠦ ᠲᠠᠯ᠎ᠠ ᠶᠢᠨ ᠨᠡᠭᠡᠭᠡᠯᠲᠡ ᠪᠠᠨ ᠦᠷᠭᠡᠳᠬᠡᠬᠦ᠂ ᠪᠦᠰᠡ ᠨᠤᠲᠤᠭ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤᠨᠢ ᠴᠢᠬᠤᠯᠠ ᠲᠦᠰᠢᠭ ᠲᠤᠯᠭᠠᠭᠤᠷᠢ ᠣᠯᠭᠤᠭᠰᠠᠨ ᠪᠠᠶᠢᠨ᠎ᠠ᠃

    ᠡᠬᠢ ᠰᠣᠷᠪᠤᠯᠵᠢ ᠶᠢᠨ ᠳᠠᠯᠳᠠ ᠬᠦᠴᠦᠨ ᠠᠴᠠ ᠦᠵᠡᠪᠡᠯ᠂ ᠵᠡᠭᠦᠨ ᠬᠡᠰᠡᠭ ᠤᠨ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠰᠣᠷᠪᠤᠯᠵᠢ ᠡᠯᠪᠡᠭ᠌ ᠪᠠᠶᠠᠯᠢᠭ᠂ ᠬᠥᠯᠥᠨ ᠪᠤᠶᠢᠷ ᠤᠨ ᠲᠠᠯ᠎ᠠ ᠨᠤᠲᠤᠭ᠂ ᠰᠢᠯᠢ ᠶᠢᠨ ᠭᠤᠣᠯ ᠤᠨ ᠲᠠᠯ᠎ᠠ ᠨᠤᠲᠤᠭ᠂ ᠬᠤᠷᠴᠢᠨ ᠤ ᠲᠠᠯ᠎ᠠ ᠨᠤᠲᠤᠭ ᠪᠣᠯᠤᠨ ᠶᠡᠭᠡ ᠬᠢᠩᠭ᠋ᠠᠨ ᠳᠠᠪᠠᠭ᠎ᠠ ᠶᠢᠨ ᠰᠢᠭᠤᠶᠢᠲᠤ ᠣᠷᠣᠨ ᠲᠠᠢ᠂ ᠨᠤᠲᠤᠭ ᠪᠡᠯᠴᠢᠭᠡᠷ ᠨᠢ 6 ᠳ᠋ᠦᠩᠰᠢᠭᠤᠷ ᠮᠦ᠂ ᠲᠠᠷᠢᠶᠠᠨ ᠭᠠᠵᠠᠷ ᠨᠢ 9100 ᠲᠦᠮᠨ ᠮᠦ ᠰᠢᠬᠠᠮ᠂ ᠠᠮᠤ ᠪᠤᠳᠠᠭᠠᠨ ᠤ ᠭᠠᠷᠤᠯᠲᠠ ᠨᠢ ᠤᠷᠤᠨ ᠳᠠᠶᠠᠭᠠᠷ ᠤᠨ 80% ᠶᠢ ᠡᠵᠡᠯᠡᠵᠦ ᠪᠠᠶᠢᠨ᠎ᠠ᠃ ᠨᠡᠭᠦᠷᠡᠰᠦ᠂ ᠥᠩᠭᠡᠲᠦ ᠲᠡᠮᠦᠷᠯᠢᠭ ᠵᠡᠷᠭᠡ ᠠᠭᠤᠷᠬᠠᠶ ᠶᠢᠨ ᠭᠠᠷᠤᠯᠲᠠ ᠡᠯᠪᠡᠭ᠌᠂ ᠨᠡᠭᠦᠷᠡᠰᠦᠨ ᠤ ᠪᠠᠲᠤᠯᠠᠭᠠᠲᠤ ᠬᠠᠳᠠᠭᠠᠯᠠᠭᠳᠠᠴᠠ ᠨᠢ ᠤᠷᠤᠨ ᠳᠠᠶᠠᠭᠠᠷ ᠤᠨ 45.6% ᠶ᠋ᠢ ᠡᠵᠡᠯᠡᠵᠦ ᠪᠠᠶᠢᠨ᠎ᠠ᠃ ᠭᠦᠨ ᠵᠤᠵᠠᠭᠠᠨ ᠰᠣᠶᠣᠯ ᠤᠨ ᠬᠦᠯᠡᠮᠵᠢ ᠲᠠᠢ᠂ ᠤᠯᠠᠭᠠᠨᠬᠠᠳᠠ ᠰᠣᠶᠣᠯ᠂ ᠬᠤᠷᠴᠢᠨ ᠰᠣᠶᠣᠯ ᠵᠡᠷᠭᠡ ᠲᠡᠦᠬᠡ ᠰᠣᠶᠣᠯ ᠤᠨ ᠡᠬᠢ ᠪᠠᠶᠠᠯᠢᠭ ᠨᠢ ᠵᠡᠭᠦᠨ ᠬᠡᠰᠡᠭ ᠤᠨ ᠠᠶᠢᠮᠠᠭ ᠬᠤᠲᠠ ᠶᠢᠨ ᠳᠠᠪᠠᠯᠲᠠᠲᠤ ᠬᠥᠭ᠍ᠵᠢᠯᠲᠡ ᠳᠤ ᠴᠢᠬᠤᠯᠠ ᠶᠡᠭᠡ ᠡᠬᠢ ᠪᠠᠶᠠᠯᠢᠭ ᠤᠨ ᠪᠠᠲᠤᠯᠠᠭ᠎ᠠ ᠣᠯᠭᠤᠭᠰᠠᠨ ᠪᠠᠶᠢᠨ᠎ᠠ᠃ 《13·5》 ᠬᠦᠭ᠍ᠵᠢᠯᠲᠠ ᠶᠢᠨ ᠲᠦᠰᠦᠯ ᠤᠨ ᠰᠡᠭᠦᠯᠴᠢ ᠪᠤᠯᠲᠠᠯ᠎ᠠ ᠪᠦᠰᠡ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ ᠵᠢᠯ ᠳᠤᠮᠳᠠᠴᠢ ᠪᠡᠷ 8% ᠪᠡᠷ ᠨᠡᠮᠡᠭᠳᠡᠭᠦᠯᠵᠤ᠂ ᠬᠦᠮᠦᠨ ᠳᠤᠮᠳᠠᠴᠢ ᠪᠦᠰᠡ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ ᠲᠦᠮᠡᠨ ᠳ᠋ᠤᠯᠯᠠᠷ ᠲᠤ ᠬᠦᠷᠭᠡᠨ᠎ᠠ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121528700