蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠤᠷᠠᠨ ᠵᠢᠷᠤᠭ ᠤᠨ 70 ᠵᠢᠯ ᠤᠨ ᠲᠡᠭᠡᠲᠤ ᠲᠦᠪᠰᠢᠨ ᠤ ᠹᠤᠷᠦ᠋ᠮ ᠬᠦᠬᠡᠬᠤᠲᠠ ᠳᠤ ᠶᠠᠪᠤᠭᠳᠠᠪᠠ

2017-08-23 16:56

    8 ᠰᠠᠷ᠎ᠠ ᠶᠢᠨ 23 ᠤ ᠡᠳᠦᠷ ᠤᠨ ᠦᠳᠡ ᠡᠴᠡ ᠡᠮᠦᠨ᠎ᠠ᠂《 ᠦᠪᠦᠷ ᠮᠣᠩᠭᠣᠯ ᠤᠨ ᠤᠷᠠᠨ ᠵᠢᠷᠤᠭ ᠤᠨ 70 ᠵᠢᠯ》  ᠢᠶᠡᠷ ᠭᠤᠤᠯ ᠰᠡᠳᠦᠪ  ᠪᠤᠯᠭᠠᠭᠰᠠᠨ 《ᠦᠪᠦᠷ ᠮᠣᠩᠭᠣᠯ ᠤᠨ ᠤᠷᠠᠨ ᠵᠢᠷᠤᠭ ᠤᠨ 70 ᠵᠢᠯ ᠤᠨ ᠲᠡᠭᠡᠲᠤ ᠲᠦᠪᠰᠢᠨ ᠤ ᠹᠤᠷᠦ᠋ᠮ》 ᠦᠪᠦᠷ ᠮᠣᠩᠭᠣᠯ ᠤᠨ ᠬᠦᠬᠡᠬᠤᠲᠠ ᠳᠤ ᠶᠠᠪᠤᠭᠳᠠᠪᠠ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠹᠤᠷᠦ᠋ᠮ ᠨᠢ ᠦᠪᠦᠷ ᠮᠣᠩᠭᠣᠯ ᠤᠨ ᠦᠨᠳᠦᠰᠦᠲᠡᠨ ᠤ ᠤᠷᠠᠨ ᠵᠢᠷᠤᠭ ᠤᠨ ᠤᠨᠤᠯ ᠤᠨ ᠪᠦᠲᠦᠭᠡᠨ ᠪᠠᠶᠢᠭᠤᠯᠤᠯᠲᠠ ᠶᠢ ᠴᠢᠩᠭ᠋ᠠᠳᠬᠠᠬᠤ᠂ ᠡᠷᠳᠡᠮ ᠰᠢᠨᠵᠢᠯᠡᠭᠡᠨ ᠤ ᠰᠤᠳᠤᠯᠭ᠎ᠠ ᠬᠢᠭᠡᠳ ᠤᠷᠠᠨ ᠵᠢᠷᠤᠭ ᠤᠨ ᠰᠢᠭᠦᠮᠵᠢ ᠶᠢ ᠢᠳᠡᠪᠬᠢᠲᠠᠢ ᠦᠷᠨᠢᠭᠦᠯᠬᠦ᠂ ᠲᠠᠯ᠎ᠠ ᠨᠤᠲᠤᠭ ᠤᠨ ᠤᠨᠴᠠᠯᠢᠭ ᠲᠠᠢ ᠳᠤᠮᠳᠠᠳᠤ ᠤᠯᠤᠰ ᠤᠨ ᠬᠡᠪ ᠨᠠᠮᠪᠠ ᠶᠢ ᠪᠤᠢ ᠪᠤᠯᠭᠠᠬᠤ᠂ ᠦᠨᠳᠦᠰᠦᠲᠡᠨ ᠤ ᠰᠤᠶᠤᠯ ᠤᠨ ᠲᠤᠮᠤ ᠪᠦᠰᠡ ᠶᠢ ᠪᠠᠢᠢᠭᠤᠯᠬᠤ᠂ ᠦᠨᠳᠦᠰᠦᠲᠡᠨ ᠤ ᠪᠦᠰᠡ ᠨᠤᠲᠤᠭ ᠤᠨ ᠤᠷᠠᠨ ᠵᠢᠷᠤᠭ ᠤᠨ ᠦᠢᠯᠡᠰ ᠤᠨ ᠬᠦᠭ᠍ᠵᠢᠯᠲᠠ ᠶᠢ ᠠᠬᠢᠭᠤᠯᠬᠤ᠂ ᠦᠷᠭᠦᠯᠵᠢᠯᠡᠭᠦᠶᠢᠴᠡ ᠲᠠᠷᠢᠭᠦᠨ ᠤ ᠤᠷᠠᠨ ᠵᠢᠷᠤᠭ ᠤᠨ ᠤᠨᠤᠯ ᠤᠨ ᠲᠠᠪᠴᠠᠩ ᠢ ᠪᠤᠢ ᠪᠤᠯᠭᠠᠬᠤ ᠪᠡᠷ ᠵᠤᠷᠢᠯᠲᠠ ᠪᠡᠨ ᠪᠤᠯᠭᠠᠪᠠ᠃ 70 ᠵᠢᠯ ᠤᠨ ᠲᠤᠷᠰᠢ᠂ ᠬᠡᠳᠦᠨ ᠦᠶ᠎ᠠ ᠶᠢᠨ ᠤᠷᠠᠨ ᠵᠢᠷᠤᠭᠴᠢᠳ ᠵᠢᠴᠢ ᠦᠪᠦᠷ ᠮᠣᠩᠭᠣᠯ ᠤᠨ ᠤᠷᠠᠨ ᠵᠢᠷᠤᠭ ᠤᠨ ᠵᠢᠷᠤᠭᠴᠢᠳ ᠢᠶᠡᠷ ᠲᠦᠯᠦᠭᠡᠯᠡᠭᠦᠯᠦᠭᠰᠡᠨ《 ᠲᠠᠯ᠎ᠠ ᠨᠤᠲᠤᠭ ᠤᠨ ᠵᠢᠷᠤᠭ ᠤᠨ ᠤᠷᠤᠰᠬᠠᠯ》ᠪᠠᠲᠤᠯᠭᠠᠵᠢᠭᠳᠠᠵᠤ ᠬᠦᠭ᠍ᠵᠢᠪᠡ᠃ ᠦᠪᠦᠷ ᠮᠣᠩᠭᠣᠯ ᠤᠨ ᠵᠢᠷᠤᠭᠴᠢᠳ ᠤᠨ ᠲᠠᠯ᠎ᠠ ᠨᠤᠲᠤᠭ ᠤᠨ ᠰᠤᠶᠤᠯ᠂ ᠦᠨᠳᠦᠰᠦᠲᠡᠨ ᠤ ᠵᠤᠷᠢᠭ ᠰᠠᠨᠠᠭ᠎ᠠ ᠳᠡᠬᠢ ᠪᠡᠶᠡᠴᠢ ᠲᠠᠨᠢᠯᠲᠠ ᠵᠢᠴᠢ ᠪᠡᠶᠡᠴᠢ ᠤᠶᠢᠯᠠᠭᠠᠯᠲᠠ ᠨᠢ ᠢᠯᠡᠷᠭᠡᠢ ᠢᠵᠢᠯᠰᠢᠬᠦ ᠬᠠᠨᠳᠤᠰᠢ ᠲᠡᠢ ᠪᠤᠯᠵᠠᠢ᠃ ᠲᠡᠳᠡᠨ ᠤ ᠬᠦᠭᠡᠭᠡᠴᠡᠯᠳᠦᠯ ᠨᠢ ᠤᠳᠤ ᠴᠠᠭ ᠤᠨ ᠦᠪᠦᠷ ᠮᠣᠩᠭᠣᠯ ᠲᠡᠷᠡᠴᠢᠯᠡᠨ ᠤᠯᠤᠰ ᠳᠠᠶᠠᠭᠠᠷ ᠤᠨ ᠤᠷᠠᠨ ᠵᠢᠷᠤᠭᠴᠢᠳ ᠤᠨ ᠬᠠᠮᠲᠤ ᠶᠢᠨ ᠬᠦᠭᠡᠭᠡᠴᠡᠯᠳᠦᠯ ᠮᠦᠨ᠃

    ᠲᠤᠰ ᠤᠳᠠᠭᠠᠨ ᠤ ᠹᠤᠷᠦ᠋ᠮ ᠢᠶᠡᠷ ᠳᠠᠮᠵᠢᠨ 70 ᠵᠢᠯ ᠤᠨ ᠲᠤᠷᠰᠢᠬᠢ ᠦᠪᠦᠷ ᠮᠣᠩᠭᠣᠯ ᠤᠨ ᠤᠷᠠᠨ ᠵᠢᠷᠤᠭ ᠤᠨ ᠬᠦᠭ᠍ᠵᠢᠯᠲᠠ ᠶᠢᠨ ᠶᠠᠪᠤᠴᠠ ᠶᠢ ᠡᠷᠬᠢᠴᠡᠭᠦᠯᠬᠦ ᠪᠠ ᠬᠤᠷᠢᠶᠠᠩᠭ᠋ᠤᠶᠢᠯᠠᠵᠤ᠂ ᠰᠤᠶᠤᠯ ᠤᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠤᠯᠤᠨ ᠬᠤᠷᠣ᠎ᠠ ᠵᠤᠭᠰᠤᠴᠠ ᠡᠴᠡ ᠦᠪᠦᠷ ᠮᠣᠩᠭᠣᠯ ᠤᠨ ᠦᠨᠳᠦᠰᠦᠲᠡᠨ ᠤ ᠤᠷᠠᠨ ᠵᠢᠷᠤᠭ ᠬᠡᠷᠬᠢᠨ ᠤᠯᠠᠮ ᠴᠢᠨᠠᠭᠰᠢᠲᠠ ᠬᠦᠭ᠍ᠵᠢᠬᠦ᠂ ᠪᠦᠰᠡ ᠨᠤᠲᠤᠭ ᠤᠨ ᠤᠨᠴᠠᠯᠢᠭᠲᠤ᠂ ᠦᠨᠳᠦᠰᠦᠲᠡᠨ ᠤ ᠤᠨᠴᠠᠯᠢᠭᠲᠤ ᠤᠷᠠᠨ ᠵᠢᠷᠤᠭ ᠢ ᠵᠤᠬᠢᠶᠠᠨ ᠪᠦᠲᠦᠭᠡᠬᠦ ᠰᠢᠰᠲ᠋ᠸᠮ ᠢ ᠬᠡᠷᠬᠢᠨ ᠪᠦᠲᠦᠭᠡᠨ ᠪᠠᠶᠢᠭᠤᠯᠬᠤ ᠳᠤ ᠴᠢᠬᠤᠯᠠ ᠤᠨᠤᠯ ᠤᠨ ᠵᠢᠯᠤᠭᠤᠳᠤᠯᠭ᠎ᠠ ᠬᠠᠩᠭ᠋ᠠᠨ᠎ᠠ᠃ ᠦᠨᠳᠦᠰᠦᠲᠡᠨ ᠤ ᠰᠤᠶᠤᠯ ᠤᠨ ᠦᠨ᠎ᠠ ᠦᠷᠲᠡᠭ ᠤᠨ ᠨᠡᠮᠡᠭᠳᠡᠬᠦ ᠶᠢ ᠳᠠᠭᠠᠯᠳᠤᠨ᠂ ᠦᠪᠦᠷ ᠮᠣᠩᠭᠣᠯ ᠤᠨ ᠤᠷᠠᠨ ᠵᠢᠷᠤᠭ ᠤᠨ ᠪᠦᠲᠦᠭᠡᠯ᠂ ᠤᠷᠠᠨ ᠵᠢᠷᠤᠭ ᠤᠨ ᠤᠨᠤᠯ ᠨᠢ ᠦᠨᠳᠦᠰᠦᠲᠡᠨᠴᠢ᠂ ᠴᠠᠭ ᠦᠶᠡᠴᠢ ᠬᠢᠭᠡᠳ ᠡᠯᠪᠡᠭ᠌ ᠪᠠᠶᠠᠯᠢᠭ ᠴᠢᠨᠠᠷ ᠢᠶᠡᠷ ᠲᠤᠪᠤᠶᠢᠮ᠎ᠠ ᠪᠤᠯᠵᠤ ᠤᠷᠢᠲᠤ ᠡᠮᠦᠨ᠎ᠠ ᠭᠠᠷᠤᠭ᠎ᠠ ᠦᠭᠡᠢ ᠬᠦᠭ᠍ᠵᠢᠯᠲᠠ ᠪᠡᠨ ᠤᠯᠤᠨ ᠦᠪᠦᠷ ᠮᠣᠩᠭᠣᠯ ᠤᠨ ᠤᠷᠠᠨ ᠵᠢᠷᠤᠭ ᠤᠨ ᠬᠦᠭ᠍ᠵᠢᠯᠲᠠ ᠳᠤ ᠮᠠᠰᠢ ᠴᠢᠬᠤᠯᠠ ᠲᠡᠤᠬᠡ ᠶᠢᠨ ᠠᠴᠢ ᠬᠤᠯᠪᠤᠭᠳᠠᠯ ᠪᠠ ᠵᠢᠯᠤᠭᠤᠳᠬᠤ ᠦᠢᠯᠡᠳᠦᠯ ᠲᠠᠢ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121530949