蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠠᠵᠢᠯ ᠦᠬᠡᠶᠢᠳᠡᠯ ᠤᠨ ᠲᠠᠭᠠᠳᠬᠠᠯ ᠤᠨ ᠮᠦᠩᠬᠦ ᠲᠠᠷᠬᠠᠭᠠᠬᠤ ᠪᠠᠷᠢᠮᠵᠢᠶ᠎ᠠ ᠶᠢ ᠲᠠᠬᠢᠨᠳᠠ ᠦᠰᠬᠡᠪᠡ

2017-08-23 17:03

    ᠰᠢᠨᠬᠤᠸᠠ ᠬᠤᠷᠢᠶ᠎ᠠ ᠬᠦᠬᠡᠬᠤᠳᠠ ᠶᠢᠨ 8 ᠰᠠᠷ᠎ᠠ ᠶᠢᠨ 23 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠯᠢ ᠶᠦᠨ ᠫᠢᠩ)  ᠰᠤᠷᠪᠤᠯᠵᠢᠯᠠᠭᠴᠢ 23 ᠤ ᠡᠳᠤᠷ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠬᠦᠮᠦᠨ ᠤ ᠨᠦᠬᠡᠴᠡ ᠪᠠ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠡᠴᠡ ᠤᠶᠢᠯᠠᠭᠠᠭᠰᠠᠨ ᠢᠶᠡᠷ᠂ ᠦᠪᠦᠷ ᠮᠤᠩᠭ᠋ᠤᠯ ᠦᠨᠦ ᠵᠢᠯ ᠤᠨ 8 ᠰᠠᠷ᠎ᠠ ᠡᠴᠡ ᠡᠬᠢᠯᠡᠨ ᠠᠵᠢᠯ ᠦᠬᠡᠶᠢᠳᠡᠯ ᠤᠨ ᠲᠠᠭᠠᠤᠬᠠᠯ ᠤᠨ ᠮᠦᠩᠬᠦ ᠲᠠᠷᠬᠠᠭᠠᠬᠤ ᠪᠠᠷᠢᠮᠵᠢᠶ᠎ᠠ ᠶᠢ ᠲᠠᠬᠢᠨᠳᠠ ᠦᠰᠬᠡᠬᠦ ᠪᠡᠷ ᠤᠶᠢᠷ᠎ᠠ ᠳ᠋ᠦ ᠲᠤᠬᠳᠠᠭᠠᠪᠠ᠂ ᠲᠡᠭᠡᠳᠤ ᠲᠠᠯ᠎ᠠ ᠨᠢ 96 ᠲᠦᠭᠦᠷᠢᠭ᠌᠌ ᠦᠰᠴᠦ᠂ ᠬᠦᠮᠦᠨ ᠲᠤᠮᠳᠠᠴᠢ ᠶᠢᠨ ᠰᠠᠷ᠎ᠠ ᠶᠢᠨ ᠴᠠᠯᠢᠩ ᠨᠢ 1000 ᠲᠦᠭᠦᠷᠢᠭ᠌᠌ ᠢ ᠲᠠᠪᠠᠬᠤ ᠪᠤᠯᠤᠨ᠎ᠠ᠃

    ᠦᠪᠦᠷ ᠮᠤᠩᠭ᠋ᠤᠯ ᠳᠤ ᠠᠵᠢᠯ ᠦᠭᠡᠶᠢᠳᠡᠯ ᠤᠨ ᠲᠠᠭᠠᠳᠬᠠᠯ ᠤᠨ ᠮᠦᠩᠬᠦ ᠶᠢ ᠡᠬᠢᠨ ᠤ ᠵᠢᠯ ᠳᠤ ᠨᠢᠬᠡᠳᠤᠯᠲᠡᠢ ᠲᠦᠯᠦᠪᠵᠢᠬᠦᠯᠬᠦ ᠭᠠᠵᠠᠷ ᠤᠷᠤᠨ ᠤ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠶᠢᠨ 80% ᠪᠡᠷ᠂ ᠲᠠᠷᠠᠭ᠎ᠠ ᠵᠢᠯ ᠡᠴᠡ ᠨᠢ ᠨᠢᠬᠡᠳᠤᠯᠲᠡᠢ ᠲᠦᠯᠦᠪᠵᠢᠬᠦᠯᠬᠦ ᠭᠠᠵᠠᠷ ᠤᠷᠤᠨ ᠤ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠶᠢᠨ 70% ᠪᠡᠷ ᠲᠠᠷᠬᠠᠭᠠᠨ᠎ᠠ ᠬᠡᠵᠦ ᠲᠤᠳᠤᠷᠬᠠᠢ ᠲᠤᠭᠳᠠᠭᠠᠵᠠᠢ᠃

    ᠤᠳᠤᠬᠠᠨ ᠳᠤ ᠦᠪᠦᠷ ᠮᠤᠩᠭ᠋ᠤᠯ ᠤᠨ ᠨᠢᠬᠡᠳᠤᠬᠡᠷ ᠲᠦᠷᠦᠯ ᠤᠨ ᠭᠠᠵᠠᠷ ᠤᠷᠤᠨ ᠤ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠨᠢ ᠰᠠᠷ᠎ᠠ ᠳᠤ 1760 ᠲᠦᠭᠦᠷᠢᠭ᠌᠌᠂ ᠬᠤᠶᠠᠳᠤᠭᠠᠷ ᠲᠦᠷᠦᠯ ᠤᠨ ᠭᠠᠵᠠᠷ ᠤᠷᠤᠨ ᠤ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠨᠢ ᠰᠠᠷ᠎ᠠ ᠳᠤ 1660 ᠲᠦᠬᠦᠷᠢᠭ᠌᠌᠂ ᠭᠤᠷᠪᠠᠳᠤᠭᠠᠷ ᠲᠦᠷᠦᠯ ᠤᠨ ᠭᠠᠵᠠᠷ ᠤᠷᠤᠨ ᠤ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠨᠢ 1560 ᠲᠦᠭᠦᠷᠢᠭ᠌᠂ ᠲᠦᠷᠪᠡᠳᠤᠬᠡᠷ ᠲᠦᠷᠦᠯ ᠤᠨ ᠭᠠᠵᠠᠷ ᠤᠷᠤᠨ ᠤ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠨᠢ ᠰᠠᠷ᠎ᠠ ᠳᠤ 1460 ᠲᠦᠭᠦᠷᠢᠭ᠌᠌ ᠲᠤ ᠬᠦᠷᠴᠦ ᠪᠤᠢ᠃

    ᠤᠶᠢᠯᠠᠭᠠᠭᠰᠠᠨ ᠢᠶᠡᠷ᠂ ᠦᠪᠦᠷ ᠮᠤᠩᠭ᠋ᠤᠯ  ᠠᠵᠢᠯ ᠦᠬᠡᠶᠢᠳᠡᠯ ᠤᠨ ᠲᠠᠭᠠᠳᠬᠠᠯ ᠤᠨ ᠪᠠᠷᠢᠮᠵᠢᠶ᠎ᠠ ᠪᠤᠯᠤᠨ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠶᠢ ᠵᠡᠷᠭᠡᠪᠡᠷ ᠨᠡᠮᠡᠭᠳᠡᠬᠦᠯᠬᠦ ᠲᠤᠭᠳᠠᠯᠴᠠᠭ᠎ᠠ ᠶᠢ ᠨᠢᠬᠡᠨᠳᠡ ᠪᠠᠶᠢᠭᠤᠯᠵᠤ᠂ ᠠᠳᠠᠭ ᠲᠠᠭᠠᠨ ᠬᠤᠶᠠᠷ ᠵᠢᠯ ᠳᠤ ᠠᠵᠢᠯ ᠦᠬᠡᠶᠢᠳᠡᠯ ᠤᠨ ᠲᠠᠭᠠᠳᠬᠠᠯ ᠤᠨ ᠪᠠᠷᠢᠮᠵᠶ᠎ᠠ ᠶᠢ ᠨᠢᠬᠡ ᠤᠳᠠᠭ᠎ᠠ ᠲᠤᠬᠢᠷᠠᠭᠤᠯᠤᠭᠰᠠᠨ ᠢᠶᠡᠷ ᠬᠦᠮᠦᠨ ᠪᠦᠷᠢ ᠶᠢᠨ ᠠᠵᠢᠯ ᠦᠬᠡᠶᠢᠳᠡᠯ ᠤᠨ ᠲᠠᠭᠠᠳᠬᠠᠯ ᠤᠨ ᠮᠦᠩᠬᠦ ᠨᠢ ᠤᠯᠤᠰ ᠲᠠᠶᠠᠭᠠᠷ ᠤᠨ ᠲᠤᠮᠳᠠᠴᠢ ᠲᠦᠪᠰᠢᠨ ᠡᠴᠡ ᠲᠡᠭᠡᠭ᠍ᠰᠢ ᠪᠤᠯᠪᠠ᠂ ᠠᠵᠢᠯ ᠦᠬᠡᠶᠢᠳᠡᠯ ᠤᠨ ᠬᠦᠮᠦᠰ ᠴᠤ ᠴᠠᠭ ᠲᠤ ᠪᠠᠨ᠂ ᠬᠦᠢᠴᠡᠳ ᠲᠤᠭ᠎ᠠ ᠪᠡᠷ ᠠᠵᠢᠯ ᠦᠬᠡᠶᠢᠳᠡᠯ ᠤᠨ ᠲᠠᠭᠠᠳᠬᠠᠯ ᠤᠨ ᠮᠦᠩᠬᠦ ᠪᠠᠨ ᠤᠯᠵᠦ ᠠᠪᠬᠤ ᠪᠤᠯᠵᠠᠢ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121530998