蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ( ᠲᠦᠩᠯᠢᠶᠤᠤ) ᠭᠤᠷᠪᠠᠳᠤᠭᠠᠷ ᠬᠤᠭᠤᠴᠠᠭᠠᠨ ᠤ ᠮᠣᠩᠭᠣᠯ ᠡᠮ ᠡᠮᠨᠡᠯᠭᠡ ᠶᠢᠨ ᠠᠵᠤ ᠦᠢᠯᠡᠰ ᠤᠨ ᠶᠠᠭᠠᠷᠠᠮᠠᠭ ᠲᠦᠩᠯᠢᠶᠤᠤ ᠬᠤᠲᠠ ᠳᠤ ᠶᠠᠪᠤᠭᠳᠠᠨ᠎ᠠ

2017-08-28 11:14

    ᠰᠢᠨᠬᠤᠸᠠ ᠨᠸᠲ   ᠲᠦᠩᠯᠢᠶᠤᠤ ᠶᠢᠨ 8 ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠭᠡ ( ᠶᠠᠩ ᠲᠡᠭᠷᠢ) ᠦᠪᠦᠷ ᠮᠣᠩᠭᠣᠯ ( ᠲᠦᠩᠯᠢᠶᠤᠤ) ᠭᠤᠷᠪᠠᠳᠤᠭᠠᠷ ᠬᠤᠭᠤᠴᠠᠭᠠᠨ ᠤ ᠮᠣᠩᠭᠣᠯ ᠡᠮ ᠡᠮᠨᠡᠯᠭᠡ ᠶᠢᠨ ᠠᠵᠤ ᠦᠢᠯᠡᠰ ᠤᠨ ᠶᠠᠭᠠᠷᠠᠮᠠᠭ ᠵᠢᠴᠢ 2017 ᠤᠯᠤᠰ ᠳᠠᠶᠠᠭᠠᠷ ᠤᠨ ᠦᠨᠳᠦᠰᠦᠲᠡᠨ ᠤ ᠡᠮ ᠤᠨ ᠲᠡᠭᠡᠲᠤ ᠲᠦᠪᠰᠢᠨ ᠤ ᠹᠤᠷᠦ᠋ᠮ 8 ᠰᠠᠷ᠎ᠠ ᠶᠢᠨ 28 - 29 ᠤ ᠡᠳᠦᠷ ᠲᠦᠩᠯᠢᠶᠤᠤ ᠬᠤᠲᠠ ᠳᠤ ᠶᠠᠪᠤᠭᠳᠠᠨ᠎ᠠ᠃

    ᠶᠠᠭᠠᠷᠠᠮᠠᠭ ᠤᠨ ᠵᠤᠬᠢᠶᠠᠨ ᠪᠠᠶᠢᠭᠤᠯᠬᠤ ᠺᠤᠮᠢᠰ ᠤᠨ 26 ᠤ᠋ ᠡᠳᠦᠷ ᠤᠨ ᠬᠡᠪᠯᠡᠯ ᠤᠨ ᠮᠡᠳᠡᠭᠡᠯᠡᠯ ᠤᠨ ᠬᠤᠷᠠᠯ ᠳᠡᠭᠡᠷ᠎ᠠ ᠲᠠᠨᠢᠯᠴᠠᠭᠤᠯᠤᠭᠰᠠᠨ ᠢᠶᠡᠷ᠂ ᠲᠤᠰ ᠤᠳᠠᠭᠠᠨ ᠤ ᠶᠠᠭᠠᠷᠠᠮᠠᠭ ᠲᠤ ᠡᠬᠢᠯᠡᠯᠲᠡ ᠶᠢᠨ ᠶᠤᠰᠤᠯᠠᠯ᠂ ᠭᠤᠤᠯ ᠵᠤᠷᠢᠯᠭ᠎ᠠ ᠶᠢᠨ ᠮᠡᠳᠡᠭᠦᠯᠦᠯᠲᠡ᠂ ᠡᠷᠳᠡᠮ ᠰᠢᠨᠵᠢᠯᠡᠭᠡᠨ ᠤ ᠰᠤᠯᠢᠯᠴᠠᠭ᠎ᠠ᠂ ᠭᠠᠵᠠᠷ ᠲᠡᠭᠡᠷ᠎ᠠ ᠨᠢ ᠰᠤᠨᠢᠷᠬᠠᠬᠤ᠂ ᠦᠵᠦᠭᠯᠡᠬᠦ ᠶᠤᠰᠤᠯᠠᠯ᠂ ᠠᠮᠵᠢᠯᠲᠠ ᠪᠦᠲᠦᠮᠵᠢ ᠶᠢᠨ ᠨᠡᠶᠢᠲᠡᠯᠡᠯ ᠵᠡᠷᠭᠡ ᠵᠢᠷᠭᠤᠭᠠᠨ ᠲᠤᠮᠤ ᠬᠦᠲᠦᠯᠪᠦᠷᠢ ᠪᠡᠷ ᠶᠠᠪᠤᠭᠳᠠᠵᠤ ᠤᠯᠤᠰ ᠳᠠᠶᠠᠭᠠᠷ ᠤᠨ ᠦᠨᠳᠦᠰᠦᠲᠡᠨ ᠤ ᠡᠮ ᠡᠮᠨᠡᠯᠭᠡ ᠶᠢᠨ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠵᠢᠴᠢ ᠠᠵᠤ ᠠᠬᠤᠶᠢᠯᠠᠯ ᠤᠨ ᠲᠤᠯᠤᠭᠠᠶᠢᠯᠠᠭᠴᠢ᠂ ᠲᠤᠰᠬᠠᠢ ᠮᠡᠷᠭᠡᠵᠢᠯᠲᠠᠨ ᠵᠡᠷᠭᠡ 300 ᠰᠢᠬᠠᠮ ᠬᠦᠮᠦᠨ ᠤᠷᠤᠯᠴᠠᠬᠤ ᠶᠤᠮ ᠪᠠᠶᠢᠨ᠎ᠠ᠃

    ᠤᠶᠢᠯᠠᠭᠠᠭᠰᠠᠨ ᠢᠶᠡᠷ᠂ ᠶᠠᠭᠠᠷᠠᠮᠠᠭ ᠤᠨ ᠦᠵᠡᠰᠭᠦᠯᠡᠩ ᠤᠨ ᠤᠷᠳᠤᠨ ᠢ ᠦᠪᠦᠷ ᠮᠣᠩᠭᠣᠯ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠮᠣᠩᠭᠣᠯ ᠡᠮ ᠡᠮᠨᠡᠯᠭᠡ ᠶᠢᠨ ᠮᠦᠽᠸᠢ ᠳᠤ ᠲᠤᠬᠢᠷᠠᠭᠤᠯᠵᠤ᠂ ᠮᠣᠩᠭᠣᠯ ᠡᠮ᠂ ᠲᠦᠪᠡᠳ ᠡᠮ᠂ ᠮᠢᠶᠤᠤ ᠡᠮ᠂ ᠡᠷᠡᠭᠦᠯᠵᠢᠭᠦᠯᠬᠦ ᠡᠮ᠂ ᠬᠢᠲᠠᠳ ᠡᠸᠦ᠋ᠷᠦᠫᠡ ᠡᠮ᠂ ᠤᠨᠴᠠᠯᠢᠭᠲᠤ ᠪᠦᠲᠦᠭᠡᠭ᠍ᠲᠡᠬᠦᠨ᠂ ᠡᠮ ᠤᠨ ᠤᠷᠭᠤᠮᠠᠯ᠂ ᠰᠤᠷᠪᠤᠯᠵᠢ ᠪᠢᠴᠢᠭ᠌᠂ ᠮᠣᠩᠭᠣᠯ ᠠᠨᠠᠭᠠᠬᠤ ᠤᠬᠠᠭᠠᠨ ᠤ ᠵᠠᠰᠠᠯᠠᠭ ᠠ ᠵᠡᠷᠭᠡ ᠠᠷᠪᠠᠨ ᠬᠡᠲᠤᠨ ᠠᠵᠢᠯ ᠲᠦᠷᠦᠯ ᠤᠨ ᠵᠠᠭᠤ ᠭᠠᠷᠤᠢ ᠪᠦᠲᠦᠭᠡᠭ᠍ᠲᠡᠬᠦᠨ ᠢ ᠳᠡᠯᠭᠡᠨ ᠦᠵᠡᠭᠦᠯᠦᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121554862