蒙古文网站Logo
ᠰᠢᠨᠬᠤᠸᠠ ᠮᠤᠩᠭ᠋ᠤᠯ ᠨᠧᠲ

ᠪᠤᠭᠤᠲᠤ ᠬᠤᠲᠠ ᠠᠩᠬᠠᠳᠠᠭᠴᠢ ᠪᠦᠰᠡ ᠨᠤᠲᠤᠭ ᠤᠨ ᠭᠠᠳᠠᠨᠠᠬᠢ ᠲᠡᠭᠡᠲᠤ ᠲᠦᠪᠰᠢᠨ ᠤ ᠴᠢᠳᠠᠪᠤᠷᠢᠲᠠᠨ ᠤ ᠠᠵᠢᠯᠯᠠᠬᠤ ᠦᠷᠲᠡᠭᠡ ᠶᠢ ᠪᠠᠶᠢᠭᠤᠯᠪᠠ

2017-08-29 11:44

    ᠲᠦᠷᠦᠭᠦᠬᠡᠨ᠂ ᠪᠤᠭᠤᠲᠤ ᠬᠤᠲᠠ《ᠪᠤᠭᠤᠲᠤ ᠬᠤᠲᠠ ᠶᠢᠨ ᠪᠦᠰᠡ ᠨᠤᠲᠤᠭ ᠤᠨ ᠭᠠᠳᠠᠨᠠᠬᠢ ᠲᠡᠭᠡᠲᠤ ᠲᠦᠪᠰᠢᠨ ᠤ ᠴᠢᠳᠠᠪᠤᠷᠢᠲᠠᠨ ᠤ ᠠᠵᠢᠯᠯᠠᠬᠤ ᠦᠷᠲᠡᠭᠡ》 ᠶ᠋ᠢᠨ ᠫᠠᠶᠢᠰᠠ ᠡᠯᠭᠦᠬᠦ ᠠᠵᠢᠯᠯᠠᠭ᠎ᠠ ᠪᠤᠯᠪᠠ᠃ ᠪᠤᠭᠤᠲᠤ ᠬᠤᠲᠠ ᠶᠢᠨ ᠠᠩᠬᠠᠳᠠᠭᠴᠢ ᠪᠦᠰᠡ ᠨᠤᠲᠤᠭ ᠤᠨ ᠭᠠᠳᠠᠨᠠᠬᠢ ᠲᠡᠭᠡᠲᠤ ᠲᠦᠪᠰᠢᠨ ᠤ ᠴᠢᠳᠠᠪᠤᠷᠢᠲᠠᠨ ᠤ 3 ᠠᠵᠢᠯᠯᠠᠬᠤ ᠦᠷᠲᠡᠭᠡ ᠶᠢ ᠲᠤᠰ ᠪᠦᠷᠢ ᠪᠡᠭᠡᠵᠢᠩ᠂ ᠱᠠᠩᠬᠠᠢ ᠪᠤᠯᠤᠨ ᠭᠤᠸᠠᠩᠵᠸᠤ ᠳᠤ ᠪᠠᠶᠢᠷᠢᠯᠠᠭᠤᠯᠪᠠ᠃

    ᠪᠦᠰᠡ ᠨᠤᠲᠤᠭ ᠤᠨ ᠭᠠᠳᠠᠨᠠᠬᠢ ᠲᠡᠭᠡᠲᠤ ᠲᠦᠪᠰᠢᠨ ᠤ ᠴᠢᠳᠠᠪᠤᠷᠢᠲᠠᠨ ᠤ ᠠᠵᠢᠯᠯᠠᠬᠤ ᠦᠷᠲᠡᠭᠡ ᠨᠢ ᠪᠤᠭᠤᠲᠤ ᠬᠤᠲᠠ ᠳᠤ ᠲᠡᠭᠡᠲᠤ ᠲᠦᠪᠰᠢᠨ ᠤ ᠴᠢᠳᠠᠪᠤᠷᠢᠲᠠᠨ ᠢ ᠲᠠᠲᠠᠨ ᠠᠪᠴᠢᠷᠠᠬᠤ ᠴᠢᠬᠤᠯᠠ ᠲᠠᠪᠴᠠᠩ ᠪᠠᠶᠢᠵᠤ᠂ ᠰᠢᠨ᠎ᠠ ᠡᠭᠦᠳᠦᠯᠲᠠ ᠶᠢᠨ ᠡᠯᠸᠮᠸᠨ᠋ᠲ  ᠢ ᠴᠤᠭᠯᠠᠭᠤᠯᠵᠤ᠂ ᠰᠢᠨ᠎ᠠ ᠶᠢ ᠡᠭᠦᠳᠬᠦ ᠪᠠᠬ ᠢ ᠬᠦᠮᠦᠵᠢᠭᠦᠯᠵᠤ᠂ ᠰᠢᠨ᠎ᠠ ᠶᠢ ᠡᠭᠦᠳᠬᠦ ᠴᠢᠳᠠᠪᠤᠷᠢ ᠶᠢ ᠨᠢ ᠳᠡᠭᠡᠭ᠍ᠰᠢᠯᠡᠭᠦᠯᠬᠦ ᠵᠡᠷᠬᠡ ᠴᠢᠬᠤᠯᠠ ᠠᠴᠢ ᠬᠤᠯᠪᠤᠭᠳᠠᠯ ᠲᠠᠢ᠃ ᠤᠳᠤᠬᠠᠨ ᠪᠤᠯᠲᠠᠯ᠎ᠠ᠂ ᠪᠤᠭᠤᠲᠤ ᠬᠤᠲᠠ ᠪᠦᠰᠡ ᠨᠤᠲᠤᠭ ᠤᠨ ᠭᠠᠳᠠᠨᠠᠬᠢ ᠲᠡᠭᠡᠲᠤ ᠲᠦᠪᠰᠢᠨ ᠤ ᠴᠢᠳᠠᠪᠤᠷᠢᠲᠠᠨ ᠤ ᠠᠵᠢᠯᠯᠠᠬᠤ ᠦᠷᠲᠡᠭᠡ ᠪᠡᠷ ᠳᠠᠮᠵᠢᠨ ᠨᠡᠶᠢᠲᠡ 42 ᠡᠯ᠎ᠠ ᠬᠦᠷᠢᠶ᠎ᠠ ᠴᠠᠷᠠᠭᠠᠨ ᠳᠡᠬᠢ ᠲᠤᠰᠬᠠᠢ ᠮᠡᠷᠭᠡᠵᠢᠯᠲᠠᠨ ᠪᠤᠯᠤᠨ ᠡᠷᠳᠡᠮᠳᠡᠨ ᠢ ᠲᠠᠳᠠᠨ ᠤᠷᠤᠭᠤᠯᠤᠭᠠᠳ ᠪᠤᠢ᠃

    ᠳᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠪᠦᠰᠡ ᠨᠤᠲᠤᠭ ᠤᠨ ᠭᠠᠳᠠᠨᠠᠬᠢ ᠲᠡᠭᠡᠲᠤ ᠲᠦᠪᠰᠢᠨ ᠤ ᠴᠢᠳᠠᠪᠤᠷᠢᠲᠠᠨ ᠤ ᠠᠵᠢᠯᠯᠠᠬᠤ ᠦᠷᠲᠡᠭᠡ ᠶᠢ ᠪᠦᠲᠦᠭᠡᠨ ᠪᠠᠶᠢᠭᠤᠯᠤᠬᠤ ᠠᠵᠢᠯ ᠶᠢᠡᠨ ᠨᠠᠩ ᠦᠷᠭᠡᠳᠭᠡᠵᠤ᠂ ᠮᠦᠩᠭᠦᠨ ᠭᠦᠢᠯᠭᠡᠭᠡ ᠲᠸᠭ᠍ᠨᠤᠯᠤᠭᠢ᠂《ᠢᠨᠲ᠋ᠸᠷᠨ᠋ᠸᠲ+》 ᠬᠡᠶᠢᠰᠪᠦᠷᠢ ᠪᠤᠲᠠᠲᠠᠢ ᠵᠡᠷᠭᠡ ᠬᠦᠷᠢᠶ᠎ᠠ ᠴᠠᠷᠠᠭᠠᠨ ᠳᠤ ᠲᠡᠭᠡᠲᠤ ᠲᠦᠪᠰᠢᠨ ᠤ ᠴᠢᠳᠠᠪᠤᠷᠢᠲᠠᠨ ᠤ ᠠᠵᠢᠯᠯᠠᠬᠤ ᠦᠷᠲᠡᠭᠡ ᠪᠠᠶᠢᠭᠤᠯᠬᠤ ᠪᠡᠷ ᠪᠤᠢ᠃ (ᠵᠠᠩ ᠴᠸᠩ᠂ ᠯᠢ ᠰᠢᠶᠤᠤ ᠭᠠᠩ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121562278