蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠵᠤ ᠦᠢᠯᠡᠰ ᠢᠶᠡᠷ ᠶᠠᠳᠠᠭᠤ ᠶᠢ ᠲᠡᠳᠭᠦᠬᠦ ᠵᠢᠴᠢ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠤᠬᠢᠷᠠᠭᠤᠯᠤᠯᠲᠠ ᠶᠢᠨ ᠭᠠᠵᠠᠷ ᠳᠡᠭᠡᠷᠡᠬᠢ ᠬᠤᠷᠠᠯ ᠬᠤᠷᠠᠯᠳᠤᠪᠠ

2017-08-30 17:03

    8 ᠰᠠᠷ᠎ᠠ ᠶᠢᠨ 28 ᠡᠴᠡ 29 ᠤ ᠡᠳᠦᠷ ᠪᠤᠯᠲᠠᠯ᠎ᠠ᠂ ᠤᠷᠤᠨ ᠳᠠᠶᠠᠭᠠᠷ ᠤᠨ ᠠᠵᠤ ᠦᠢᠯᠡᠰ ᠢᠶᠡᠷ ᠶᠠᠳᠠᠭᠤ ᠶᠢ ᠲᠡᠳᠭᠦᠬᠦ ᠵᠢᠴᠢ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠤᠬᠢᠷᠠᠭᠤᠯᠤᠯᠲᠠ ᠶᠢᠨ ᠭᠠᠵᠠᠷ ᠳᠡᠭᠡᠷᠡᠬᠢ ᠬᠤᠷᠠᠯ ᠬᠢᠩᠭ᠋ᠠᠨ ᠠᠶᠢᠮᠠᠭ ᠲᠤ ᠬᠤᠷᠠᠯᠳᠤᠪᠠ᠃ ᠬᠤᠷᠠᠯ ᠳᠤ ᠬᠢᠩᠭ᠋ᠠᠨ ᠠᠶᠢᠮᠠᠭ ᠵᠢᠴᠢ ᠡᠯ᠎ᠠ ᠪᠦᠰᠡ ᠨᠤᠲᠤᠭ ᠤᠨ ᠰᠠᠶᠢᠨ ᠰᠠᠶᠢᠬᠠᠨ ᠠᠷᠭ᠎ᠠ ᠠᠪᠴᠠᠯ᠂ ᠲᠤᠷᠰᠢᠯᠭ᠎ᠠ ᠰᠤᠷᠭᠠᠮᠵᠢ ᠶᠢ ᠰᠤᠯᠢᠯᠴᠠᠵᠤ ᠤᠷᠤᠨ ᠳᠠᠶᠠᠭᠠᠷ ᠤᠨ ᠠᠵᠤ ᠦᠢᠯᠡᠰ ᠢᠶᠡᠷ ᠶᠠᠳᠠᠭᠤ ᠶᠢ ᠲᠡᠳᠭᠦᠬᠦ ᠵᠢᠴᠢ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠤᠬᠢᠷᠠᠭᠤᠯᠤᠯᠲᠠ ᠶᠢᠨ ᠠᠵᠢᠯ ᠢ ᠤᠯᠠᠮ ᠰᠠᠶᠢᠲᠤᠷ ᠬᠢᠬᠦ ᠲᠤᠬᠠᠢ ᠰᠤᠳᠤᠯᠪᠠ᠃

    ᠦᠪᠦᠷ ᠮᠣᠩᠭᠣᠯ ᠤᠨ ᠳᠡᠳ᠋ ᠲᠡᠷᠢᠭᠦᠯᠠᠭ᠍ᠴᠢ ᠪᠠᠢ ᠰᠢᠶᠠᠩ ᠴᠢᠶᠦ᠋ᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃

    ᠪᠠᠢ ᠰᠢᠶᠠᠩ ᠴᠢᠶᠦ᠋ᠨ ᠪᠦᠰᠡ ᠨᠤᠲᠤᠭ ᠤᠨ ᠤᠨᠴᠠᠯᠢᠭ ᠲᠠᠢ ᠠᠵᠤ ᠦᠢᠯᠡᠰ ᠢ ᠬᠦᠴᠦᠯᠡᠨ ᠬᠦᠮᠦᠵᠢᠭᠦᠯᠵᠤ᠂ ᠰᠢᠨ᠎ᠠ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠶᠢ ᠪᠤᠶᠢᠵᠢᠭᠤᠯᠤᠨ᠂ ᠶᠠᠳᠠᠭᠤ ᠬᠦᠴᠢᠷᠳᠡᠯᠲᠠᠢ ᠬᠦᠮᠦᠰ ᠲᠤ ᠴᠢᠭ᠍ᠯᠡᠭᠦᠯᠦᠭᠰᠡᠨ ᠠᠰᠢᠭ ᠲᠤᠰᠠ ᠶᠢᠨ ᠵᠤᠯᠭᠠᠯᠴᠠᠭ᠎ᠠ ᠶᠢᠨ ᠲᠤᠭᠲᠠᠴᠠ ᠶᠢ ᠲᠡᠭᠦᠯᠳᠡᠷᠵᠢᠭᠦᠯᠵᠤ᠂ ᠠᠵᠤ ᠦᠢᠯᠡᠰ ᠢᠶᠡᠷ ᠶᠠᠳᠠᠭᠤ ᠶᠢ ᠲᠡᠳᠭᠦᠬᠦ ᠠᠵᠢᠯ ᠢ ᠰᠠᠶᠢᠲᠤᠷ ᠬᠢᠬᠦ ᠬᠡᠷᠡᠭᠲᠠᠢ᠃ ᠢᠨᠲ᠋ᠸᠷᠨ᠋ᠸᠲ + ᠤᠳᠤᠬᠢᠴᠢᠯᠠᠭᠰᠠᠨ ᠪᠠᠷᠠᠭᠠᠨ ᠤ ᠬᠦᠢᠯᠭᠡᠭᠡᠨ ᠤ ᠦᠢᠯᠡᠰ ᠪᠤᠯᠤᠨ ᠮᠦᠩᠭᠦᠨ ᠭᠦᠢᠯᠭᠡᠭᠡᠨ ᠤ ᠦᠢᠯᠡᠰ ᠢ ᠪᠦᠬᠦ ᠬᠦᠴᠦᠨ ᠢᠶᠡᠷ ᠬᠦᠭ᠍ᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠶᠢᠨ ᠪᠠᠷᠢᠮᠵᠢᠶᠠᠨ ᠤ ᠰᠢᠰᠲ᠋ᠸᠮ ᠤᠨ ᠪᠠᠶᠢᠭᠤᠯᠤᠯᠲᠠ ᠶᠢ ᠲᠦᠷᠭᠡᠳᠭᠡᠵᠤ᠂ ᠪᠷᠸᠨ᠋ᠳ᠋ ᠤᠨ ᠪᠦᠲᠦᠭᠡᠨ ᠪᠠᠶᠢᠭᠤᠯᠤᠯᠲᠠ ᠶᠢᠨ ᠬᠦᠴᠦᠨ ᠢᠶᠡᠨ ᠴᠢᠩᠭ᠋ᠠᠳᠬᠠᠨ᠂ ᠰᠢᠨᠵᠢᠯᠡᠬᠦ ᠤᠬᠠᠭᠠᠨᠴᠢ ᠪᠡᠷ ᠠᠵᠤ ᠦᠢᠯᠡᠰ ᠤᠨ ᠪᠦᠲᠦᠴᠡ ᠶᠢ ᠲᠤᠬᠢᠷᠠᠭᠤᠯᠬᠤ ᠬᠡᠷᠡᠭᠲᠠᠢ ᠭᠡᠵᠤ ᠴᠢᠬᠤᠯᠠᠴᠢᠯᠠᠵᠠᠢ᠃ ( ᠰᠤᠷᠪᠤᠯᠵᠢᠯᠠᠭᠴᠢ ᠬᠤᠷᠴᠠ ᠭᠤᠤ ᠮᠢᠨ ᠨᠠ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121572177