蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 9 ᠪᠠᠯᠭᠠᠰᠤ ᠬᠤᠶᠠᠳᠤᠭᠠᠷ ᠡᠭᠡᠯᠵᠢ ᠶᠢᠨ ᠤᠯᠤᠰ ᠳᠠᠶᠠᠭᠠᠷ ᠤᠨ ᠤᠨᠴᠠᠯᠢᠭᠲᠤ ᠪᠠᠯᠭᠠᠰᠤᠨ ᠳᠤ ᠵᠢᠬᠰᠠᠭᠠᠭᠳᠠᠪᠠ

2017-08-30 17:02

    ᠤᠷᠤᠨ ᠰᠠᠭᠤᠴᠠ ᠬᠢᠭᠡᠳ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠶᠠᠮᠤᠨ ᠲᠦᠷᠦᠭᠦᠬᠡᠨ ᠪᠡᠭᠡᠵᠢᠩ ᠬᠤᠲᠠ ᠶᠢᠨ ᠶᠠᠨ ᠴᠢ ᠵᠸᠨ ᠪᠠᠯᠭᠠᠰᠤ ᠵᠡᠷᠭᠡ276 ᠪᠠᠯᠭᠠᠰᠤ ᠶᠢ ᠬᠤᠶᠠᠳᠤᠭᠠᠷ ᠡᠭᠡᠯᠵᠢ ᠶᠢᠨ ᠤᠯᠤᠰ ᠳᠠᠶᠠᠭᠠᠷ ᠤᠨ ᠤᠨᠴᠠᠯᠢᠭᠲᠤ ᠪᠠᠯᠭᠠᠰᠤ ᠪᠠᠷ ᠨᠡᠶᠢᠲᠡᠯᠡᠬᠦ  ᠳᠤ ᠦᠪᠦᠷ ᠮᠣᠩᠭᠣᠯ ᠤᠨ 9 ᠪᠠᠯᠭᠠᠰᠤ ᠵᠢᠬᠰᠠᠭᠠᠬᠳᠠᠭᠰᠠᠨ ᠪᠠᠶᠢᠨ᠎ᠠ᠃ ᠡᠭᠦᠨ ᠳᠤ ᠤᠯᠠᠭᠠᠨᠬᠠᠲᠠ ᠬᠤᠲᠠ ᠶᠢᠨ ᠠᠤᠬᠠᠨ ᠬᠤᠰᠢᠭᠤᠨ  ᠤ ᠰᠢᠶᠠ ᠸᠠ ᠪᠠᠯᠭᠠᠰᠤ᠂ ᠤᠷᠳᠤᠰ ᠬᠤᠲᠠ ᠶᠢᠨ ᠳ᠋ᠦᠩᠱᠸᠩ ᠲᠤᠭᠤᠷᠢᠭ ᠤᠨ ᠬᠠᠨᠲᠠᠢ ᠪᠠᠯᠭᠠᠰᠤ᠂ ᠤᠯᠠᠭᠠᠨᠴᠠᠪ ᠬᠤᠲᠠ ᠶᠢᠨ ᠯᠢᠶᠠᠩᠴᠸᠩ ᠰᠢᠶᠠᠨ ᠤ ᠳ᠋ᠠᠢ ᠬᠠᠢ ᠪᠠᠯᠭᠠᠰᠤ᠂ ᠤᠷᠳᠤᠰ ᠬᠤᠲᠠ ᠶᠢᠨ ᠤᠳᠤᠭ ᠤᠨ ᠡᠮᠦᠨᠡᠲᠤ ᠬᠤᠰᠢᠭᠤᠨ ᠤ ᠪᠤᠷᠤ ᠪᠠᠯᠭᠠᠰᠤ᠂ ᠬᠢᠩᠭ᠋ᠠᠨ ᠠᠶᠢᠮᠠᠭ ᠤᠨ ᠷᠠᠰᠢᠶᠠᠨ ᠬᠤᠲᠠ᠂ ᠬᠦᠯᠦᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠴᠠᠢ ᠾᠸ ᠪᠠᠯᠭᠠᠰᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠮᠤᠷᠲᠠᠢ ᠪᠠᠯᠭᠠᠰᠤ᠂ ᠲᠦ᠋ᠩᠯᠢᠶᠤᠤ ᠬᠤᠲᠠ ᠶᠢᠨ ᠺᠠᠶᠢᠯᠦ ᠰᠢᠶᠠᠨ ᠤ ᠳ᠋ᠦᠩᠹᠸᠩ ᠪᠠᠯᠭᠠᠰᠤ ᠪᠤᠯᠤᠨ ᠤᠯᠠᠭᠠᠨᠬᠠᠲᠠ ᠬᠤᠲᠠ ᠶᠢᠨ ᠯᠢᠨᠰᠢ ᠰᠢᠶᠠᠨ ᠤ ᠰᠢᠨ ᠴᠸᠩᠽᠢ ᠪᠠᠯᠭᠠᠰᠤ ᠪᠦᠷᠢᠳᠭᠡᠭ᠍ᠳᠡᠪᠡ᠃

    ᠤᠷᠤᠨ ᠰᠠᠭᠤᠴᠠ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠶᠠᠮᠤᠨ ᠨᠢᠳᠤᠨᠤᠨ ᠠᠩᠬᠠᠳᠠᠭᠴᠢ ᠡᠭᠡᠯᠵᠢ ᠶᠢᠨ 127 ᠳᠤᠮᠳᠠᠳᠤ ᠤᠯᠤᠰ ᠤᠨ ᠤᠨᠴᠠᠯᠢᠭᠲᠤ ᠪᠠᠯᠭᠠᠰᠤᠨ ᠤ ᠨᠡᠷᠡᠰ ᠢ ᠨᠡᠶᠢᠲᠡᠯᠡᠪᠡ᠃ ᠤᠶᠢᠯᠠᠭᠠᠭᠰᠠᠨ ᠢᠶᠡᠷ ᠤᠷᠤᠨ ᠰᠠᠭᠤᠴᠠ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠶᠠᠮᠤᠨ ᠡᠴᠡ  ᠡᠳ᠋ ᠤᠨ ᠵᠠᠰᠠᠭ ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠤᠯᠪᠤᠭᠠᠯᠠᠨ ᠨᠢᠭᠡᠨᠲᠡ ᠪᠠᠲᠤᠯᠠᠭᠳᠠᠭᠰᠠᠨ ᠤᠨᠴᠠᠯᠢᠭᠲᠤ ᠪᠠᠯᠭᠠᠰᠤᠨ ᠤ ᠠᠵᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠯᠲᠠ ᠬᠢᠬᠦ ᠶᠤᠮ ᠪᠠᠶᠢᠨ᠎ᠠ᠃ ( ᠸᠠᠩ ᠶᠤᠤ ᠯᠢᠩ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121572184