蒙古文网站Logo
ᠰᠢᠨᠬᠤᠸᠠ ᠮᠤᠩᠭ᠋ᠤᠯ ᠨᠧᠲ

ᠪᠤᠭᠤᠲᠤ ᠶᠢᠨ ᠪᠤᠯᠤᠳ ᠲᠡᠮᠦᠷ ᠤᠨ ᠦᠢᠯᠡᠳᠪᠦᠷᠢ ᠳᠡᠯᠡᠬᠡᠢ ᠳᠠᠶᠠᠭᠠᠷ ᠤᠨ 50 ᠬᠦᠴᠦᠷᠭᠡᠭ᠌ ᠤᠨ ᠡᠩᠨᠡᠭᠡᠨ ᠳᠤ ᠵᠢᠬᠰᠠᠪᠠ

2017-08-31 17:10

    ᠲᠦᠷᠦᠭᠦᠬᠡᠨ ᠳᠡᠯᠡᠬᠡᠢ ᠶᠢᠨ ᠪᠤᠯᠤᠳ ᠲᠡᠮᠦᠷ ᠤᠨ ᠨᠡᠶᠢᠭᠡᠮᠯᠢᠭ᠌ 2016 ᠤᠨ ᠤ ᠲᠦᠭᠦᠬᠡᠢ ᠪᠤᠯᠤᠳ ᠦᠢᠯᠡᠳᠪᠦᠷᠢᠯᠡᠭᠰᠡᠨ ᠪᠠᠶᠢᠳᠠᠯ ᠢ ᠦᠨᠳᠦᠰᠯᠡᠨ《 ᠳᠡᠯᠡᠬᠡᠢ ᠶᠢᠨ ᠪᠤᠯᠤᠳ ᠲᠡᠮᠤᠷ ᠤᠨ ᠪᠦᠷᠢᠳᠭᠡᠯ ᠤᠨ ᠲᠤᠭ᠎ᠠ ᠪᠠᠷᠢᠮᠲᠠ2017》 ᠶᠢ ᠨᠡᠶᠢᠲᠡᠯᠡᠬᠦ ᠶᠢᠨ ᠳᠠᠭᠠᠤ ᠳᠡᠯᠡᠬᠡᠢ ᠳᠠᠶᠠᠭᠠᠷ ᠤᠨ ᠪᠤᠯᠤᠳ ᠲᠡᠮᠦᠷ ᠤᠨ 50 ᠬᠦᠴᠦᠷᠬᠡᠭ᠌ ᠤᠨ ᠨᠡᠷᠡᠰ ᠢ ᠨᠡᠶᠢᠲᠡᠯᠡᠪᠡ᠃ ᠮᠠᠨ ᠤ ᠤᠯᠤᠰ ᠤᠨ 26 ᠠᠵᠤ ᠠᠬᠤᠶᠢᠯᠠᠯ ᠨᠡᠷᠡᠰ ᠲᠤ ᠵᠢᠬᠰᠠᠭᠠᠭᠳᠠᠪᠠ᠂ ᠡᠭᠦᠨ ᠳᠤ᠂ 5 ᠠᠵᠤ ᠠᠬᠤᠶᠢᠯᠠᠯ ᠡᠮᠦᠨ᠎ᠠ ᠠᠷᠪᠠ ᠳᠤ ᠪᠠᠶᠢᠷᠢᠯᠡᠵᠠᠢ᠃ ᠪᠤᠭᠤᠲᠤ ᠶᠢᠨ ᠪᠤᠯᠤᠳ ᠲᠡᠮᠦᠷ ᠤᠨ ᠦᠢᠯᠡᠳᠪᠦᠷᠢ 1230 ᠲᠦᠮᠡᠨ ᠲᠤᠨ ᠤ ᠭᠠᠷᠤᠯᠲᠠ ᠪᠡᠷ 30 ᠳ᠋ᠤᠭᠠᠷ ᠲᠤ ᠵᠢᠬᠰᠠᠪᠠ᠃ 2016 ᠤᠨ ᠳᠤ᠂ ᠪᠤᠭᠤᠲᠤ ᠶᠢᠨ ᠪᠤᠯᠤᠳ ᠲᠡᠮᠦᠷ ᠤᠨ ᠦᠢᠯᠡᠳᠪᠦᠷᠢ ᠠᠯᠳᠠᠭᠳᠠᠯ ᠢ ᠪᠠᠭᠠᠰᠬᠠᠵᠤ ᠠᠯᠳᠠᠭᠳᠠᠯ ᠢ ᠵᠠᠰᠠᠨ᠂ ᠴᠢᠨᠠᠷ ᠢ ᠳᠡᠭᠡᠭ᠍ᠰᠢᠯᠡᠭᠦᠯᠦᠨ ᠠᠰᠢᠭ ᠢ ᠨᠡᠮᠡᠭᠳᠡᠭᠦᠯᠵᠤ᠂ ᠬᠡᠯᠪᠡᠷᠢ ᠪᠡᠨ ᠦᠭᠡᠷᠡᠴᠢᠯᠡᠨ ᠳᠡᠰ ᠳᠠᠪᠰᠢᠭᠦᠯᠤᠨ᠂ ᠡᠵᠡᠩᠨᠡᠯᠲᠡ ᠶᠢᠨ ᠪᠤᠳᠤᠯᠭ᠎ᠠ ᠪᠡᠨ ᠢᠳᠡᠪᠬᠢᠲᠠᠢ ᠵᠤᠬᠢᠴᠠᠭᠤᠯᠵᠤ᠂ ᠵᠠᠬ ᠠ ᠵᠡᠭᠡᠯᠢ ᠶᠢᠨ ᠬᠤᠪᠢᠷᠠᠯᠲᠠ ᠳᠤ ᠪᠦᠲᠦᠮᠵᠢᠲᠠᠢ ᠵᠤᠬᠢᠴᠠᠵᠤ᠂ ᠬᠦᠷᠦᠩᠭᠡ ᠶᠢᠨ ᠬᠡᠯᠬᠢᠶ᠎ᠠ ᠶᠢᠨ ᠲᠤᠶᠢᠯ ᠤᠨ ᠪᠠᠴᠢᠮ ᠰᠤᠷᠢᠯᠲᠠ ᠢᠢ ᠳᠠᠪᠠᠨ᠂ ᠦᠢᠯᠡᠳᠪᠦᠷᠢᠯᠡᠯ ᠡᠵᠡᠩᠨᠡᠯᠲᠡ ᠶᠢᠨ ᠲᠤᠮᠤ ᠪᠦᠲᠦᠴᠡ ᠶᠢᠨ ᠲᠤᠭᠲᠠᠭᠤᠨ ᠪᠠᠶᠢᠳᠠᠯ ᠢ ᠪᠠᠲᠤᠯᠠᠨ ᠠᠯᠳᠠᠭᠳᠠᠯ ᠢ ᠪᠠᠭᠠᠰᠬᠠᠵᠤ᠂ ᠦᠢᠯᠡᠳᠪᠦᠷᠢᠯᠡᠯ ᠡᠵᠡᠩᠨᠡᠯᠲᠡ ᠶᠢᠨ ᠦᠷ᠎ᠠ ᠪᠦᠲᠦᠮᠵᠢ ᠶᠢ ᠲᠡᠮᠡᠴᠡᠨ ᠤᠯᠤᠭᠰᠠᠨ ᠶᠤᠮ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121579655