蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠬᠡᠰᠡᠭ ᠪᠦᠰᠡ ᠨᠤᠲᠤᠭ ᠲᠤ ᠴᠠᠰᠤ ᠤᠷᠤᠵᠦ ᠬᠦᠢᠳᠡᠷᠡᠭᠰᠡᠨ ᠡᠴᠡ ᠪᠤᠯᠵᠤ 1.6 ᠲᠦᠮᠡᠨ ᠬᠦᠮᠦᠨ ᠭᠠᠮᠰᠢᠭᠳᠠᠪᠠ

2017-09-01 12:05

    ᠰᠢᠨᠬᠤᠸᠠ ᠬᠤᠷᠢᠶ᠎ᠠ   ᠬᠦᠬᠡᠬᠤᠲᠠ ᠶᠢᠨ 8 ᠰᠠᠷ᠎ᠠ ᠶᠢᠨ 31 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠫᠸᠩ ᠶᠤᠸᠠᠨ) ᠰᠤᠷᠪᠤᠯᠵᠢᠯᠠᠭᠴᠢ 31 ᠤ ᠡᠳᠦᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠢᠷᠭᠡᠨ ᠤ ᠶᠠᠪᠤᠳᠠᠯ ᠤᠨ ᠲᠢᠩᠬᠢᠮ ᠡᠴᠡ ᠤᠶᠢᠯᠠᠭᠠᠭᠰᠠᠨ ᠢᠶᠡᠷ᠂ ᠰᠡᠭᠦᠯ ᠤᠨ ᠦᠶ᠎ᠠ ᠳᠤ ᠠᠭᠤᠷ ᠠᠮᠢᠰᠬᠤᠯ ᠬᠦᠢᠲᠡᠷᠡᠵᠤ ᠴᠠᠰᠤ ᠤᠷᠤᠭᠰᠠᠨ ᠡᠴᠡ ᠤᠯᠠᠭᠠᠨᠬᠠᠲᠠ ᠬᠤᠲᠠ᠂ ᠬᠢᠩᠭ᠋ᠠᠨ ᠠᠶᠢᠮᠠᠭ ᠤᠨ 5 ᠰᠢᠶᠠᠨ( ᠬᠤᠲᠠ᠂ ᠬᠤᠰᠢᠭᠤ) ᠤ 1.6 ᠲᠦᠮᠡᠨ ᠬᠦᠮᠦᠨ ᠪᠠ 5.2 ᠮᠢᠩᠭ᠋ᠠᠨ ᠾᠸᠺᠲ᠋ᠤᠷ ᠲᠠᠷᠢᠶ᠎ᠠ ᠭᠠᠮᠰᠢᠭᠳᠠᠪᠠ᠃ ᠡᠭᠦᠨ ᠳᠤ᠂ 1.7 ᠮᠢᠩᠭ᠋ᠠᠨ ᠾᠸᠺᠲ᠋ᠤᠷ ᠲᠠᠷᠢᠶ᠎ᠠ ᠬᠤᠷᠢᠶᠠᠯᠳᠠ ᠦᠭᠡᠢ ᠪᠤᠯᠵᠤ᠂ ᠡᠳ᠋ ᠤᠨ ᠵᠠᠰᠠᠭ ᠤᠨ ᠰᠢᠭᠤᠳ ᠬᠤᠬᠢᠷᠠᠯ 700 ᠲᠦᠮᠡᠨ ᠲᠦᠬᠦᠷᠢᠭ᠌ ᠲᠤ ᠬᠦᠷᠦᠭᠰᠡᠨ ᠪᠠᠶᠢᠨ᠎ᠠ᠃

    8 ᠰᠠᠷ᠎ᠠ ᠶᠢᠨ 28 ᠤ ᠤᠷᠤᠢ ᠡᠴᠡ ᠡᠬᠢᠯᠡᠨ ᠦᠪᠦᠷ ᠮᠣᠩᠭᠣᠯ ᠤᠨ ᠵᠡᠭᠦᠨ ᠪᠦᠰᠡ ᠨᠤᠲᠤᠭ ᠤᠨ ᠠᠭᠠᠷ ᠤᠨ ᠳᠤᠯᠠᠭᠠᠨ ᠪᠠᠭᠤᠷᠠᠵᠤ ᠰᠠᠯᠬᠢ ᠰᠠᠯᠬᠢᠯᠠᠨ ᠴᠠᠰᠤ ᠤᠷᠤᠪᠠ᠃ ᠡᠭᠦᠨ ᠳᠤ᠂ ᠬᠢᠩᠭ᠋ᠠᠨ ᠠᠶᠢᠮᠠᠭ ᠤᠨ ᠬᠡᠰᠡᠭ ᠪᠦᠰᠡ ᠨᠤᠲᠤᠭ ᠤᠨ ᠬᠠᠮᠤᠭ ᠤᠨ ᠳᠤᠤᠷ ᠠ ᠠᠭᠠᠷ ᠤᠨ ᠳᠤᠯᠠᠭᠠᠨ -2 ℃ ᠲᠤ ᠬᠦᠷᠴᠤ᠂ ᠬᠡᠰᠡᠭ ᠪᠦᠰᠡ ᠨᠤᠲᠤᠭ ᠲᠤ 7 ᠳᠡᠰ ᠡᠴᠡ ᠳᠡᠭᠡᠭ᠍ᠰᠢᠬᠢ ᠰᠠᠯᠬᠢ ᠰᠠᠯᠬᠢᠯᠠᠨ᠂ ᠬᠦᠩᠭᠡᠨ ᠬᠢᠷᠠᠭᠤ ᠤᠨᠠᠬᠤ ᠦᠵᠡᠭᠳᠡᠯ ᠢᠯᠡᠷᠡᠵᠤ᠂ ᠪᠤᠭᠤᠲᠠᠢ᠂ ᠰᠢᠷ᠎ᠠ ᠪᠤᠷᠴᠠᠭ᠂ ᠨᠤᠭᠤᠭ᠎ᠠ ᠴᠠᠭ᠎ᠠ᠂ ᠭᠤᠸᠠ ᠵᠢᠮᠢᠰ ᠤᠨ ᠤᠷᠭᠤᠯᠲᠠ ᠶᠢ ᠨᠦᠯᠦᠭᠡᠯᠡᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121584780