蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ 20 ᠦᠵᠡᠮᠦᠷᠢ ᠶᠢᠨ ᠪᠦᠰᠡ ᠶᠢᠨ ᠲᠠᠰᠤᠯᠪᠦᠷᠢ ᠳᠤ ᠵᠠᠬ᠎ᠠ ᠵᠡᠭᠡᠯᠢ ᠪᠡᠷ ᠲᠤᠬᠢᠷᠠᠭᠤᠯᠬᠤ ᠦᠨ᠎ᠡ ᠶᠢ ᠬᠡᠷᠡᠭᠵᠢᠬᠦᠯᠵᠡᠢ

2017-09-04 15:58

    ᠰᠢᠨᠬᠤᠸᠠ ᠬᠤᠷᠢᠶ᠎ᠠ ᠬᠦᠬᠡᠬᠤᠳᠠ ᠶᠢᠨ 8 ᠰᠠᠷ᠎ᠠ ᠶᠢᠨ 31 ᠤ ᠡᠳᠤᠷ ᠤᠨ ᠴᠠᠬᠢᠯᠭᠠᠨ ᠮᠡᠳᠡᠬᠡ ( ᠯᠢ ᠶᠦᠨ ᠫᠢᠩ) ᠰᠤᠷᠪᠤᠯᠵᠢᠯᠠᠭᠴᠢ 8 ᠰᠠᠷ᠎᠎ᠠ ᠶᠢᠨ 31 ᠤ ᠡᠳᠤᠷ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠡᠴᠠ ᠤᠶᠢᠯᠠᠭᠠᠭᠰᠠᠨ ᠢᠶᠡᠷ᠂ 9 ᠰᠠᠷ᠎ᠠ ᠶᠢᠨ 1 ᠤ ᠡᠳᠤᠷ ᠡᠴᠡ ᠡᠬᠢᠯᠡᠨ᠂ ᠦᠪᠦᠷ ᠮᠤᠩᠭ᠋ᠤᠯ ᠪᠦᠷᠢᠶ᠎ᠠ ᠮᠠᠩᠬ᠎ᠠ ᠠᠶᠠᠯᠠᠯ ᠵᠢᠭᠤᠯᠴᠢᠯᠠᠯ ᠤᠨ ᠪᠦᠰᠡ ᠵᠡᠷᠬᠡ ᠤᠤᠯ ᠨᠢ ᠵᠠᠰᠠᠭ ᠤᠨ ᠤᠷᠳᠤᠨ ᠡᠴᠡ ᠲᠠᠰᠤᠯᠪᠦᠷᠢ ᠶᠢᠨ ᠦᠨ᠎ᠡ ᠪᠠ ᠦᠢᠯᠡᠴᠢᠯᠡᠬᠡᠨ ᠤ ᠬᠠᠮᠢᠶᠠᠷᠤᠯᠳᠠ ᠬᠢᠵᠤ ᠪᠠᠶᠢᠭᠰᠠᠨ20 ᠠᠶᠠᠯᠠᠯ ᠵᠢᠭᠤᠯᠴᠢᠯᠠᠯ ᠤᠨ ᠪᠦᠰᠡ ᠳᠤ ᠵᠠᠬ᠎ᠠ ᠵᠡᠬᠡᠯᠢ ᠪᠡᠷ ᠲᠤᠬᠢᠷᠠᠭᠤᠯᠬᠤ ᠦᠨ᠎ᠡ ᠶᠢ ᠬᠡᠷᠡᠭᠵᠢᠬᠦᠯᠬᠦ ᠪᠤᠯᠵᠠᠢ᠃

    ᠤᠶᠢᠯᠠᠭᠠᠭᠰᠠᠨ ᠢᠶᠡᠷ᠂ ᠦᠪᠦᠷ ᠮᠤᠩᠭ᠋ᠤᠯ ᠤᠨ ᠪᠦᠷᠢᠶ᠎ᠠ ᠮᠠᠩᠬ᠎ᠠ ᠶᠢᠨ ᠠᠶᠠᠯᠠᠯ ᠵᠢᠭᠤᠯᠴᠢᠯᠠᠯ ᠤᠨ ᠪᠦᠰᠡ᠂ ᠬᠠᠩᠬᠢᠨ ᠬᠤᠰᠢᠭᠤᠨ ᠤ ᠲᠠᠭᠤᠳᠤ ᠨᠠᠭᠤᠷ ᠡᠯᠡᠰᠦᠨ ᠴᠦᠯ ᠤᠨ ᠠᠮᠢ ᠠᠬᠤᠢ ᠶᠢᠨ ᠠᠶᠠᠯᠠᠯ ᠵᠢᠭᠤᠯᠴᠢᠯᠠᠯ ᠤᠨ ᠪᠦᠰᠡ᠂ ᠤᠷᠳᠤᠰ ᠶᠢᠨ ᠬᠡᠭᠡᠷ᠎ᠡ ᠶᠢᠨ ᠠᠮᠢᠳᠠᠨ ᠤ ᠬᠦᠷᠢᠶᠡᠯᠡᠩ ᠵᠡᠷᠬᠡ 20 ᠦᠵᠡᠮᠦᠷᠢ ᠶᠢᠨ ᠪᠦᠰᠡ ᠳᠤ ᠵᠠᠬ᠎ᠠ ᠵᠡᠬᠡᠯᠢ ᠪᠡᠷ ᠲᠤᠬᠢᠷᠠᠭᠤᠯᠬᠤ ᠦᠨ᠎ᠡ ᠶᠢᠨ ᠬᠠᠮᠢᠶᠠᠷᠤᠯᠳᠠ ᠶᠢ ᠬᠡᠷᠡᠭᠵᠢᠬᠦᠯᠵᠤ᠂ 《 ᠦᠨ᠎ᠡ ᠶᠢᠨ ᠬᠠᠤᠯᠢ》《 ᠠᠶᠠᠯᠠᠯ ᠵᠢᠭᠤᠯᠴᠢᠯᠠᠯ ᠤᠨ ᠬᠠᠤᠯᠢ》 ᠵᠢᠴᠢ ᠵᠠᠬ᠎ᠠ ᠵᠡᠬᠡᠯᠢ ᠶᠢᠨ ᠬᠡᠷᠡᠭᠯᠡᠬᠡ ᠪᠡᠷ ᠲᠠᠰᠤᠯᠪᠤᠷᠢ ᠵᠢᠴᠢ ᠬᠤᠯᠪᠤᠭᠳᠠᠯ ᠪᠦᠬᠦᠢ ᠦᠢᠯᠡᠴᠢᠯᠡᠬᠡᠨ ᠤ ᠦᠨ᠎ᠡ ᠶᠢ ᠦᠨᠳᠦᠰᠦᠯᠡᠨ ᠬᠦᠷᠦᠩᠬᠡ ᠤᠷᠤᠭᠤᠯᠤᠨ ᠡᠵᠡᠩᠨᠡᠵᠤ᠂ ᠠᠶᠢᠮᠠᠭ ᠬᠤᠳᠠ ᠶᠢᠨ ᠦᠨ᠎ᠡ ᠬᠠᠩᠰᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠶᠢᠮᠠᠬ ᠬᠤᠳᠠ ᠶᠢᠨ ᠵᠠᠬ᠎ᠠ ᠵᠡᠬᠡᠯᠢ ᠪᠡᠷ ᠲᠤᠬᠢᠷᠠᠭᠤᠯᠬᠤ ᠦᠨ᠎ᠡ ᠶᠢᠨ ᠬᠠᠮᠢᠶᠠᠷᠤᠯᠳᠠ ᠶᠢᠨ ᠦᠵᠡᠮᠦᠷᠢ ᠶᠢᠨ ᠵᠢᠬᠰᠠᠭᠠᠯ ᠳᠤ ᠤᠷᠤᠯᠠᠭᠤᠯᠤᠨ᠎ᠠ᠃

    ᠦᠪᠦᠷ ᠮᠤᠩᠭ᠋ᠤᠯ᠂ ᠦᠵᠡᠮᠦᠷᠢ ᠶᠢᠨ ᠪᠦᠰᠡ ᠶᠢᠨ ᠲᠠᠰᠤᠯᠪᠦᠷᠢ ᠶᠢᠨ ᠦᠨ᠎ᠡ ᠶᠢ ᠵᠠᠬ᠎ᠠ ᠵᠡᠬᠡᠯᠢ ᠪᠡᠷ ᠲᠤᠬᠢᠷᠠᠭᠤᠯᠤᠭᠰᠠᠨ ᠤ ᠲᠠᠷᠠᠭ᠎ᠠ ᠤᠯᠤᠰ ᠵᠢᠴᠢ ᠦᠪᠡᠷᠳᠡᠬᠡᠨ ᠵᠠᠰᠠᠬᠤ ᠤᠷᠤᠨ ᠤ ᠲᠠᠰᠤᠯᠪᠦᠷᠢ ᠶᠢᠨ ᠦᠨ᠎ᠡ ᠶᠢᠨ ᠬᠦᠩᠬᠡᠯᠳᠡ ᠶᠢᠨ ᠲᠦᠷᠦ ᠶᠢᠨ ᠪᠤᠳᠤᠯᠭ᠎ᠠ ᠶᠢ ᠦᠨᠳᠦᠰᠦᠯᠡᠨ ᠭᠠᠳᠠᠭᠠᠳᠤ ᠶᠢᠨ ᠵᠢᠭᠤᠯᠴᠢᠨ᠂ ᠲᠤᠬᠠᠢ ᠭᠠᠵᠠᠷ ᠤᠨ ᠵᠢᠭᠤᠯᠴᠢᠨ ᠪᠠ ᠭᠠᠳᠠᠷ ᠤᠷᠤᠨ ᠤ ᠵᠢᠭᠤᠯᠴᠢᠨ ᠬᠡᠵᠤ ᠬᠤᠶᠠᠷ ᠲᠦᠷᠤᠯ ᠤᠨ ᠲᠠᠰᠤᠯᠪᠦᠷᠢ ᠬᠤᠪᠢᠶᠠᠨ ᠬᠤᠳᠠᠯᠳᠤᠵᠤ ᠪᠤᠯᠬᠤ ᠦᠭᠡᠢ᠂ ᠬᠡᠦᠬᠡᠳ᠂ ᠰᠤᠷᠤᠭᠴᠢᠳ᠂ ᠨᠠᠰᠤᠳᠠᠨ᠂ ᠴᠡᠷᠢᠭ᠂ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠲᠤ ᠲᠤᠭᠳᠠᠭᠠᠯ ᠶᠤᠰᠤᠭᠠᠷ ᠬᠦᠩᠬᠡᠷᠡᠬᠦᠯᠬᠦ ᠲᠦᠷᠦ ᠶᠢᠨ ᠪᠤᠳᠤᠯᠭ᠎ᠠ ᠬᠡᠷᠡᠭᠵᠢᠬᠦᠯᠦᠨ᠎ᠡ ᠬᠡᠵᠤ ᠲᠣᠳᠤᠷᠬᠠᠢ ᠲᠤᠭᠳᠠᠭᠠᠵᠠᠢ᠃

    ᠦᠪᠦᠷ ᠮᠤᠩᠭ᠋ᠤᠯ ᠱᠠᠭᠠᠷᠳᠠᠯᠭ᠎ᠠ ᠶᠤᠰᠤᠭᠠᠷ ᠦᠵᠡᠮᠦᠷᠢ ᠶᠢᠨ ᠪᠦᠰᠡ ᠶᠢᠨ ᠲᠠᠰᠤᠯᠪᠦᠷᠢ ᠶᠢ ᠢᠯᠡ ᠵᠠᠷᠯᠠᠬᠤ ᠲᠤᠭᠳᠠᠭᠠᠯ ᠢ ᠬᠡᠷᠡᠭᠵᠢᠬᠦᠯᠵᠤ᠂ ᠦᠵᠡᠮᠦᠷᠢ ᠶᠢᠨ ᠪᠦᠰᠡ ᠳᠤ ᠲᠠᠰᠤᠯᠪᠤᠷᠢ ᠶᠢᠨ ᠦᠨ᠎ᠡ᠂ ᠬᠦᠩᠬᠡᠯᠳᠡ ᠶᠢᠨ ᠬᠡᠪᠴᠢᠶ᠎ᠡ᠂ ᠴᠢᠨᠠᠭᠰᠢᠯᠠᠪᠠᠯ ᠵᠢᠭᠤᠯᠴᠢᠯᠠᠯ ᠤᠨ ᠮᠠᠰᠢᠨ᠂ ᠵᠤᠭᠠᠯᠠᠬᠤ ᠵᠡᠪᠢ᠂ ᠮᠠᠰᠢᠨ ᠵᠤᠭᠰᠤᠭᠠᠬᠤ ᠭᠠᠵᠠᠷ ᠵᠡᠷᠬᠡ ᠵᠠᠮ ᠬᠠᠷᠢᠯᠴᠭᠠᠨ ᠤ ᠦᠢᠯᠡᠴᠢᠯᠡᠬᠡᠨ ᠤ ᠦᠨ᠎ᠡ ᠵᠢᠴᠢ ᠦᠨ᠎ᠡ ᠬᠠᠩᠰᠢ ᠶᠢ ᠢᠯᠡᠴᠢᠯᠡᠨ ᠮᠡᠳᠡᠬᠦᠯᠬᠦ ᠤᠳᠠᠰᠤ 12358 ᠶᠢ ᠢᠯᠡ ᠵᠠᠷᠯᠠᠬᠤ ᠶᠢᠨ ᠲᠠᠭᠠᠤ ᠨᠡᠶᠢᠬᠡᠮ ᠤᠨ ᠬᠢᠨᠠᠯᠳᠠ ᠶᠢ ᠬᠦᠯᠢᠶᠡᠵᠤ᠂ ᠦᠵᠡᠮᠦᠷᠢ ᠶᠢᠨ ᠪᠦᠰᠡ ᠶᠢᠨ ᠦᠨ᠎᠎ᠡ ᠶᠢᠨ ᠬᠠᠮᠢᠶᠠᠷᠤᠯᠳᠠ ᠢᠯᠠ ᠲᠤᠳᠤ ᠪᠠᠶᠢᠬᠤ ᠶᠢ ᠴᠢᠩᠭ᠋ᠠᠳᠬᠠᠨ᠎ᠠ ᠃ 

    ᠲᠠᠰᠤᠯᠪᠦᠷᠢ ᠶᠢᠨ ᠦᠨ᠎ᠠ ᠶᠢᠨ ᠲᠤᠬᠢᠷᠠᠭᠤᠯᠤᠯᠳᠠ ᠶᠢᠨ ᠬᠡᠪᠴᠢᠶ᠎ᠡ ᠬᠡᠳᠤ ᠶᠡᠬᠡ ᠵᠦᠷᠢᠶ᠎ᠡ ᠲᠠᠢ ᠪᠦᠭᠡᠳ ᠲᠤᠬᠢᠷᠠᠭᠤᠯᠬᠤ ᠲᠠᠪᠳᠠᠮᠵᠢ ᠨᠡᠯᠢᠶᠡᠳ ᠬᠤᠷᠳᠤᠨ ᠦᠵᠡᠮᠦᠷᠢ ᠶᠢᠨ ᠪᠦᠰᠡ ᠳᠤ ᠦᠪᠦᠷ ᠮᠤᠩᠭ᠋ᠤᠯ ᠤᠨ ᠦᠨ᠎ᠡ ᠬᠠᠩᠰᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠱᠠᠭᠠᠷᠳᠠᠯᠭ᠎ᠠ ᠲᠠᠢ ᠦᠶ᠎ᠡ ᠳᠤ ᠬᠠᠮᠢᠶᠠᠷᠴᠤ ᠪᠤᠯᠤᠨ᠎ᠠ᠃ ᠦᠨ᠎ᠡ ᠶᠢᠨ ᠲᠠᠯ᠎ ᠠ ᠪᠡᠷ ᠤᠯᠠᠨᠳᠠ ᠢᠯᠡᠴᠢᠯᠡᠨ ᠮᠡᠳᠡᠬᠦᠯᠦᠭᠰᠡᠨ᠂ ᠨᠡᠶᠢᠬᠡᠮ ᠳᠤ ᠨᠦᠯᠦᠬᠡ ᠶᠡᠬᠡᠲᠠᠢ ᠦᠵᠡᠮᠦᠷᠢ ᠶᠢᠨ ᠪᠦᠰᠡ ᠶᠢᠨ ᠬᠠᠮᠢᠶᠠᠷᠤᠯᠳᠠ ᠶᠢᠨ ᠠᠷᠭ᠎ᠠ ᠳᠤ ᠲᠤᠬᠢᠷᠠᠭᠤᠯᠤᠯᠳᠠ ᠬᠢᠵᠤ ᠪᠤᠯᠤᠨ᠎ᠠ᠂ ᠵᠠᠬ᠎ᠠ ᠵᠡᠬᠡᠯᠢ ᠪᠡᠷ ᠲᠤᠬᠢᠷᠠᠭᠤᠯᠬᠤ ᠡᠴᠡ ᠪᠠᠨ ᠵᠠᠰᠠᠭ ᠤᠨ ᠤᠷᠳᠤᠨ ᠡᠴᠡ ᠦᠨ᠎ᠡ ᠶᠢ ᠵᠢᠯᠤᠭᠤᠳᠤᠨ ᠬᠠᠮᠢᠶᠠᠷᠬᠤ ᠠᠷᠭ᠎ᠠ ᠶᠢ ᠬᠡᠷᠡᠭᠵᠢᠬᠦᠯᠦᠨ᠎ᠡ᠃

    ᠤᠳᠤᠬᠠᠨ ᠳᠤ ᠦᠪᠤᠷ ᠮᠤᠩᠭ᠋ᠤᠯ ᠠᠶᠠᠯᠠᠯ ᠵᠢᠭᠤᠯᠴᠢᠯᠠᠯ ᠤᠨ ᠦᠵᠡᠮᠦᠷᠢ ᠶᠢᠨ ᠪᠦᠰᠡ ᠶᠢᠨ ᠲᠠᠰᠤᠯᠪᠦᠷᠢ ᠶᠢᠨ ᠦᠨ᠎ᠡ ᠪᠤᠯᠤᠨ ᠦᠵᠡᠮᠦᠷᠢ ᠶᠢᠨ ᠪᠦᠰᠡ ᠶᠢᠨ ᠵᠡᠷᠬᠡᠯᠡᠯ ᠲᠠᠢ ᠬᠤᠯᠪᠤᠭᠳᠠᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠠᠶᠠᠯᠠᠯ ᠵᠢᠭᠤᠯᠴᠢᠯᠠᠯ ᠤᠨ ᠦᠵᠡᠮᠦᠷᠢ ᠶᠢᠨ ᠪᠦᠰᠡ ᠶᠢᠨ ᠲᠠᠰᠤᠯᠪᠦᠷᠢ ᠶᠢ ᠵᠠᠷᠯᠠᠬᠤ ᠲᠤᠭᠳᠠᠭᠠᠯ ᠭᠠᠷᠭᠠᠵᠦ᠂ ᠠᠶᠠᠯᠠᠯ ᠵᠢᠭᠤᠯᠴᠢᠯᠠᠯ ᠤᠨ ᠲᠦᠯᠤᠪᠦᠷᠢ ᠬᠤᠷᠢᠶᠠᠬᠤ ᠪᠦᠬᠦ᠋ᠢᠯᠡ ᠲᠦᠷᠦᠯ ᠳᠤ ᠢᠯᠡ ᠵᠠᠷᠯᠠᠯᠳᠠ ᠬᠢᠵᠦ᠂ ᠦᠨ᠎ᠡ ᠬᠠᠩᠰᠢ ᠶᠢᠨ ᠲᠠᠯ᠎ ᠠ ᠪᠡᠷ ᠬᠠᠭᠤᠷᠴᠦ ᠮᠡᠬᠡᠯᠡᠬᠦ ᠠᠵᠢᠯᠯᠠᠭ᠎ᠠ ᠶᠢ ᠡᠷᠡᠰ ᠬᠤᠷᠢᠭᠯᠠᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121602409