蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠷᠤᠰ ᠮᠣᠩᠭᠣᠯ ᠤᠨ ᠡᠳ᠋ ᠤᠨ ᠵᠠᠰᠠᠭ ᠤᠨ ᠠᠷᠠᠯᠵᠢᠶᠠᠨ ᠤ ᠵᠦᠪᠳᠡᠯᠴᠡᠭᠡᠷ ᠵᠢᠴᠢ ᠲᠠᠸᠠᠷ ᠤᠨ ᠦᠵᠡᠰᠭᠦᠯᠡᠩ ᠬᠤᠳᠠᠯᠳᠤᠭ᠎ᠠ ᠦᠪᠦᠷ ᠮᠣᠩᠭᠣᠯ ᠳᠤ ᠨᠡᠭᠡᠭᠡᠯᠲᠡ ᠪᠡᠨ ᠬᠢᠪᠠ

2017-09-09 13:34

    ᠰᠢᠨᠬᠤᠸᠠ ᠨᠸᠲ   ᠬᠦᠬᠡᠬᠤᠲᠠ ᠶᠢᠨ 9 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ( ᠶᠠᠩ ᠲᠡᠭᠷᠢ) ᠳᠤᠮᠳᠠᠳᠤ ᠤᠯᠤᠰ · ᠬᠠᠶᠢᠯᠠᠷ ᠤᠨ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠷᠤᠰ ᠮᠣᠩᠭᠣᠯ ᠤᠨ ᠡᠳ᠋ ᠤᠨ ᠵᠠᠰᠠᠭ ᠤᠨ ᠠᠷᠠᠯᠵᠢᠶᠠᠨ ᠤ ᠵᠦᠪᠳᠡᠯᠴᠡᠭᠡᠷ ᠵᠢᠴᠢ ᠲᠠᠸᠠᠷ ᠤᠨ ᠦᠵᠡᠰᠭᠦᠯᠡᠩ ᠬᠤᠳᠠᠯᠳᠤᠭ᠎ᠠ ᠬᠦᠯᠦᠨ ᠪᠤᠶᠢᠷ ᠬᠤᠲᠠ ᠳᠤ ᠨᠡᠭᠡᠭᠡᠯᠲᠡ ᠪᠡᠨ ᠬᠢᠪᠠ᠃ ᠤᠷᠤᠰ᠂ ᠮᠣᠩᠭᠣᠯ᠂ ᠫᠠᠺᠢᠰᠲ᠋ᠠᠨ᠂ ᠶᠸᠵᠢᠫᠲ᠂ ᠺᠤᠷᠢᠶᠠ ᠵᠡᠷᠭᠡ 32 ᠤᠯᠤᠰ ᠪᠤᠯᠤᠨ ᠪᠦᠰᠡ ᠨᠤᠲᠤᠭ ᠤᠨ 400 ᠭᠠᠷᠤᠢ ᠠᠵᠤ ᠠᠬᠤᠶᠢᠯᠠᠯ ᠦᠵᠡᠰᠭᠦᠯᠡᠩ ᠳᠤ ᠤᠷᠤᠯᠴᠠᠪᠠ᠃

    ᠳᠤᠮᠳᠠᠳᠤ ᠤᠷᠤᠰ ᠮᠣᠩᠭᠣᠯ ᠤᠨ ᠡᠳ᠋ ᠤᠨ ᠵᠠᠰᠠᠭ ᠤᠨ ᠠᠷᠠᠯᠵᠢᠶᠠᠨ ᠤ ᠵᠦᠪᠳᠡᠯᠴᠡᠭᠡᠷ ᠵᠢᠴᠢ ᠲᠠᠸᠠᠷ ᠤᠨ ᠦᠵᠡᠰᠭᠦᠯᠡᠩ ᠬᠤᠳᠠᠯᠳᠤᠭ᠎ᠠ ᠶᠢᠨ ᠠᠷᠪᠠᠨ ᠬᠤᠶᠠᠷ ᠬᠤᠭᠤᠴᠠᠭ᠎ᠠ ᠶᠢ ᠨᠢᠭᠡᠨᠲᠡ ᠠᠮᠵᠢᠯᠲᠠ ᠲᠠᠢ ᠵᠤᠬᠢᠶᠠᠨ ᠪᠠᠶᠢᠭᠤᠯᠵᠤ᠂ ᠳᠤᠮᠳᠠᠳᠤ ᠭᠠᠳᠠᠭᠠᠲᠤ ᠶᠢᠨ ᠲᠠᠸᠷ ᠤᠨ ᠦᠵᠡᠰᠭᠦᠯᠡᠩ ᠬᠤᠳᠠᠯᠳᠤᠭ᠎ᠠ᠂ ᠡᠳ᠋ ᠤᠨ ᠵᠠᠰᠠᠭ ᠤᠨ ᠠᠷᠠᠯᠵᠢᠶᠠᠨ ᠤ ᠬᠠᠮᠲᠤ ᠶᠢᠨ ᠠᠵᠢᠯᠯᠠᠭᠠᠨ ᠤ ᠹᠤᠷᠦ᠋ᠮ᠂ ᠲᠦᠰᠦᠯ ᠢ ᠤᠬᠠᠭᠤᠯᠬᠤ ᠵᠦᠪᠳᠡᠯᠴᠡᠨ ᠵᠤᠯᠭᠠᠯᠴᠠᠭᠤᠯᠬᠤ ᠵᠡᠷᠭᠡ ᠴᠤᠪᠤᠷᠠᠯ ᠠᠵᠢᠯᠯᠠᠭ᠎ᠠ ᠶᠢ ᠶᠠᠪᠤᠭᠳᠠᠭᠤᠯᠤᠭᠰᠠᠨ ᠶᠤᠮ᠃ ᠡᠨᠡ ᠨᠢ ᠳᠤᠮᠳᠠᠳᠤ᠂ ᠤᠷᠤᠰ᠂ ᠮᠣᠩᠭᠣᠯ ᠭᠤᠷᠪᠠᠨ ᠤᠯᠤᠰ ᠤᠨ ᠠᠷᠠᠯᠵᠢᠶᠠᠨ ᠤ ᠬᠠᠮᠲᠤ ᠶᠢᠨ ᠠᠵᠢᠯᠯᠠᠭ᠎ᠠ ᠪᠤᠯᠤᠨ ᠰᠤᠶᠤᠯ ᠤᠨ ᠰᠤᠯᠢᠯᠴᠠᠭ᠎ᠠ ᠳᠤ ᠬᠦᠨᠲᠤ ᠴᠢᠬᠤᠯᠠ ᠠᠴᠢ ᠬᠤᠯᠪᠤᠭᠳᠠᠯ ᠲᠠᠢ ᠪᠠᠶᠢᠵᠤ᠂ ᠦᠪᠦᠷ ᠮᠣᠩᠭᠣᠯ ᠨᠢ ᠤᠷᠤᠰ ᠪᠤᠯᠤᠨ ᠮᠣᠩᠭᠣᠯ ᠤᠯᠤᠰ ᠤᠨ ᠬᠦᠷᠰᠢ ᠵᠡᠷᠭᠡᠯᠡᠳᠡᠭᠡ ᠪᠦᠰᠡ ᠨᠤᠲᠤᠭ ᠲᠤ ᠪᠦᠬᠦ ᠲᠠᠯ᠎ᠠ ᠶᠢᠨ ᠰᠤᠯᠢᠯᠴᠠᠭᠠᠨ ᠤ ᠴᠢᠬᠤᠯᠠ ᠲᠠᠪᠴᠠᠩ ᠪᠠ ᠨᠡᠶᠢᠷᠡᠮᠳᠠᠯ ᠤᠨ ᠬᠠᠮᠲᠤ ᠶᠢᠨ ᠠᠵᠢᠯᠯᠠᠭᠠᠨ ᠤ ᠪᠡᠯᠭᠡ ᠲᠡᠮᠳᠡᠭ ᠪᠤᠯᠤᠭᠰᠠᠨ ᠪᠠᠶᠢᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121636200