蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠤᠨ ᠠᠩᠬᠠᠨ ᠤ ᠴᠡᠪᠠᠷ ᠡᠷᠴᠢᠮ ᠬᠦᠴᠦ ᠪᠡᠷ ᠲᠦᠪᠯᠡᠷᠡᠭᠦᠯᠦᠨ ᠳᠤᠯᠠᠭᠠᠯᠠᠭ᠎ᠠ ᠬᠠᠩᠭ᠋ᠠᠬᠤPPP ᠲᠦᠰᠦᠯ ᠵᠢᠨᠢᠩ ᠳᠤ ᠡᠬᠢᠯᠡᠪᠡ

2017-09-12 11:51

    9 ᠰᠠᠷ᠎ᠠ ᠶᠢᠨ 8 ᠤ ᠡᠳᠦᠷ᠂ ᠵᠢᠨᠢᠩ ᠲᠤᠭᠤᠷᠢᠭ ᠤᠨ ᠴᠡᠪᠠᠷ ᠡᠷᠴᠢᠮ ᠬᠦᠴᠦ ᠪᠡᠷ ᠳᠤᠯᠠᠭᠠᠯᠠᠭ᠎ᠠ ᠬᠠᠩᠭ᠋ᠠᠬᠤ ᠲᠦᠰᠦᠯ ᠤᠨ ᠪᠠᠷᠢᠯᠭ᠎ᠠ ᠡᠬᠢᠯᠡᠪᠡ᠃ ᠡᠨᠡ  ᠨᠢ ᠤᠯᠤᠰ ᠤᠨ ᠳᠤᠲᠤᠭᠠᠲᠤ ᠶᠢᠨ ᠪᠤᠳᠠᠭᠠᠯᠢ ᠴᠤᠭᠴᠠ ᠶᠢᠨ ᠲᠠᠯᠠᠪᠠᠢ ᠪᠡᠷ ᠬᠠᠮᠤᠭ ᠤᠨ ᠶᠡᠬᠡ ᠳᠤᠮᠳᠠᠳᠤ ᠤᠯᠤᠰ ᠤᠨ ᠠᠩᠬᠠᠨ ᠤ ᠴᠡᠪᠠᠷ ᠡᠷᠴᠢᠮ ᠬᠦᠴᠦ ᠪᠡᠷ ᠲᠦᠪᠯᠡᠷᠡᠭᠦᠯᠦᠨ ᠳᠤᠯᠠᠭᠠᠯᠠᠭ᠎ᠠ ᠬᠠᠩᠭ᠋ᠠᠬᠤPPP ᠲᠦᠰᠦᠯ ᠶᠤᠮ᠂ ᠡᠭᠦᠨ ᠢ ᠦᠪᠦᠷ ᠮᠣᠩᠭᠣᠯ ᠤᠨ ᠤᠯᠠᠭᠠᠨᠴᠠᠪ ᠬᠤᠲᠠ ᠶᠢᠨ ᠵᠢᠨᠢᠩ ᠬᠤᠲᠠ ᠳᠤ ᠪᠠᠶᠢᠭᠤᠯᠵᠤ ᠡᠬᠢᠯᠡᠪᠡ᠃

    ᠤᠶᠢᠯᠠᠭᠠᠭᠰᠠᠨ ᠢᠶᠡᠷ᠂ ᠭᠦᠨᠵᠡᠭᠡᠢ ᠰᠢᠨᠵᠢᠯᠡᠨ ᠨᠤᠲᠠᠯᠠᠬᠰᠠᠨ ᠤ ᠡᠴᠤᠰ ᠲᠤ᠂ ᠵᠢᠨᠢᠩ ᠬᠤᠲᠠ ᠶᠢᠨ ᠵᠠᠰᠠᠭ ᠤᠨ ᠤᠷᠳᠤᠨ ᠦᠪᠦᠷ ᠮᠣᠩᠭᠣᠯ ᠤᠨ ᠡᠢ ᠵᠢᠶᠠ ᠡᠷᠴᠢᠮ ᠬᠦᠴᠤ ᠠᠷᠪᠢᠯᠠᠬᠤ ᠪᠠᠶᠢᠭᠠᠯᠢ ᠤᠷᠴᠢᠨ ᠢ ᠬᠠᠮᠠᠭᠠᠯᠠᠬᠤ ᠲᠸᠭ᠍ᠨᠤᠯᠤᠭᠢ ᠶᠢᠨ ᠬᠤᠪᠢᠴᠠᠭᠠᠲᠤ ᠺᠤᠮᠫᠠᠨᠢ ᠲᠠᠢ ᠬᠠᠮᠲᠤᠪᠠᠷ PPP ᠵᠠᠭᠪᠦᠷ ᠢᠶᠡᠷ ᠲᠦᠰᠦᠯ ᠤᠨ ᠪᠦᠲᠦᠭᠡᠨ ᠪᠠᠶᠢᠭᠤᠯᠤᠯᠲᠠ᠂ ᠡᠵᠡᠩᠨᠡᠯᠲᠡ᠂ ᠰᠢᠯᠵᠢᠭᠦᠯᠦᠨ ᠲᠤᠰᠢᠶᠠᠬᠤ ᠵᠡᠷᠭᠡ ᠠᠵᠢᠯᠯᠠᠭ᠎ᠠ ᠶᠠᠪᠤᠭᠳᠠᠭᠤᠯᠬᠤ ᠪᠤᠯᠤᠨ᠎ᠠ᠃ ᠲᠦᠰᠦᠯ ᠤᠨ ᠪᠦᠲᠦᠭᠡᠨ ᠪᠠᠶᠢᠭᠤᠯᠤᠯᠲᠠ ᠳᠤ ᠢᠯᠴᠢ ᠶᠢᠨ ᠡᠬᠢ ᠰᠤᠷᠪᠤᠯᠵᠢ ᠶᠢᠨ ᠦᠢᠯᠡᠳᠪᠦᠷᠢ᠂ ᠨᠢᠭᠡ ᠨᠤᠮᠸᠷᠲᠤ ᠴᠠᠬᠢᠯᠭᠠᠨ ᠢᠶᠡᠷ ᠤᠰᠤ ᠪᠤᠴᠠᠯᠭᠠᠬᠤ ᠲᠠᠰᠤᠯᠭ᠎ᠠ ᠪᠤᠯᠤᠨ ᠮᠠ ᠯᠢᠶᠠᠨ ᠴᠢᠦᠢ ᠴᠠᠬᠢᠯᠭᠠᠨ ᠨᠦᠭᠡᠴᠡᠯᠡᠨ ᠤᠰᠤ ᠪᠤᠴᠠᠯᠭᠠᠬᠤ ᠲᠠᠰᠤᠯᠭ᠎ᠠ ᠵᠡᠷᠭᠡ ᠶᠢ ᠪᠠᠭᠲᠠᠭᠠᠵᠤ ᠪᠤᠢ᠃ ᠡᠭᠦᠨ ᠢ ᠤᠯᠠᠨ ᠤᠯᠤᠰ ᠤᠨ ᠲᠡᠷᠢᠭᠦᠨ ᠤ ᠦᠨᠳᠦᠷ ᠬᠦᠴᠦᠳᠡᠯᠲᠦ ᠴᠠᠬᠢᠯᠭᠠᠨ ᠲᠤᠶᠢᠯ ᠤᠨ ᠤᠰᠤ ᠪᠤᠴᠠᠯᠭᠠᠬᠤ ᠮᠡᠷᠭᠡᠵᠢᠯ ᠢ ᠠᠰᠢᠭᠯᠠᠨ ᠪᠠᠶᠢᠭᠤᠯᠬᠤ ᠪᠤᠯᠤᠨ᠎ᠠ᠃ ᠪᠠᠶᠢᠭᠤᠯᠤᠭᠳᠠᠭᠰᠠᠨ ᠤ ᠳᠠᠷᠠᠭ᠎ᠠ ᠵᠢᠨᠢᠩ ᠲᠤᠭᠤᠷᠢᠭ ᠤᠨ 630 ᠲᠦᠮᠡᠨ ᠺᠦᠸᠠᠳ᠋ ᠮᠸᠲ᠋ᠷ ᠪᠦᠬᠦᠢ ᠲᠠᠯᠠᠪᠠᠢ ᠲᠠᠢ ᠬᠤᠲᠠ ᠪᠠᠯᠠᠭᠠᠰᠤᠨ ᠤ ᠰᠠᠭᠤᠭᠠᠯᠢ ᠢᠷᠭᠡᠳ ᠪᠤᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠳᠤᠯᠠᠭᠠᠯᠠᠭ᠎ᠠ ᠬᠠᠩᠭ᠋ᠠᠬᠤ ᠶᠤᠮ ᠪᠠᠶᠢᠨ᠎ᠠ᠃ ( ᠰᠤᠷᠪᠤᠯᠵᠢᠯᠠᠭᠴᠢ ᠬᠤᠸᠠᠩ ᠹᠦ᠋ ᠮᠸᠢ ᠱᠢᠶᠠᠨ᠂ ᠬᠠᠢ ᠵᠢᠶᠦ᠋ᠨ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121649318