蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 3 ᠠᠵᠤ ᠠᠬᠤᠶᠢᠯᠠᠯ ᠪᠤᠯᠤᠨ 2 ᠬᠦᠷᠢᠶᠡᠯᠡᠩ ᠲᠤᠭᠤᠷᠢᠭ ᠦᠨᠦ ᠵᠢᠯ ᠤᠨ ᠤᠯᠤᠰ ᠳᠠᠶᠠᠭᠠᠷ ᠤᠨ ᠠᠩᠬᠠᠨ ᠤ ᠡᠭᠡᠯᠵᠢ ᠶᠢᠨ ᠪᠤᠬᠢᠷᠳᠤᠯ ᠦᠭᠡᠢ ᠦᠢᠯᠡᠳᠪᠦᠷᠢᠯᠡᠯ ᠤᠨ ᠵᠢᠱᠢᠶᠡᠴᠢ ᠨᠡᠷᠡᠰ ᠲᠤ ᠵᠢᠬᠰᠠᠭᠠᠭᠳᠠᠪᠠ

2017-09-12 11:51

    ᠲᠦᠷᠦᠭᠦᠬᠡᠨ᠂ ᠠᠵᠤ ᠦᠢᠯᠡᠳᠪᠦᠷᠢᠯᠡᠯ ᠪᠤᠯᠤᠨ ᠰᠤᠷᠠᠭ ᠵᠠᠩᠭᠢᠵᠢᠯᠲᠠ ᠶᠢᠨ ᠶᠠᠮᠤᠨ ᠡᠴᠡ 2017 ᠤᠨ ᠤ ᠠᠩᠬᠠᠨ ᠤ ᠡᠭᠡᠯᠵᠢ ᠶᠢᠨ ᠪᠤᠬᠢᠷᠳᠤᠯ ᠦᠭᠡᠢ ᠦᠢᠯᠡᠳᠪᠦᠷᠢᠯᠡᠯ ᠤᠨ ᠵᠢᠱᠢᠶᠡᠴᠢ ᠨᠡᠷᠡᠰ ᠢ ᠨᠡᠶᠢᠲᠡᠯᠡᠪᠡ᠃ ᠤᠶᠢᠯᠠᠭᠠᠭᠰᠠᠨ ᠢᠶᠡᠷ᠂ ᠦᠪᠦᠷ ᠮᠣᠩᠭᠣᠯ ᠤᠨ 3 ᠠᠵᠤ ᠠᠬᠤᠶᠢᠯᠠᠯ ᠪᠤᠯᠤᠨ 2 ᠬᠦᠷᠢᠶᠡᠯᠡᠩ ᠲᠤᠭᠤᠷᠢᠭ ᠤᠨ ᠢᠯᠡᠷᠡᠯ ᠳᠤᠪᠤᠶᠢᠮ᠎ᠠ ᠪᠠᠶᠢᠭᠰᠠᠨ ᠢᠶᠡᠷ ᠲᠤᠰ ᠪᠦᠷᠢ ᠪᠤᠬᠢᠷᠳᠤᠯ ᠦᠭᠡᠢ ᠠᠵᠤ ᠦᠢᠯᠡᠳᠪᠦᠷᠢ ᠪᠤᠯᠤᠨ ᠪᠤᠬᠢᠷᠳᠤᠯ ᠦᠭᠡᠢ ᠬᠦᠷᠢᠶᠡᠯᠡᠩ ᠲᠤᠭᠤᠷᠢᠭ ᠤᠨ ᠨᠡᠷᠡᠰ ᠲᠤ ᠵᠢᠬᠰᠠᠭᠠᠭᠳᠠᠵᠠᠢ᠃

    ᠦᠪᠦᠷ ᠮᠣᠩᠭᠣᠯ ᠤᠨ ᠪᠤᠬᠢᠷᠳᠤᠯ ᠦᠭᠡᠢ ᠦᠢᠯᠡᠳᠪᠦᠷᠢ ᠶᠢᠨ ᠵᠢᠱᠢᠶᠡᠴᠢ ᠶᠢᠨ ᠨᠡᠷᠡᠰ ᠲᠤ ᠵᠢᠬᠰᠠᠭᠠᠭᠳᠠᠭᠰᠠᠨ 3 ᠠᠵᠤ ᠦᠢᠯᠡᠳᠪᠦᠷᠢ ᠨᠢ ᠲᠤᠰ ᠪᠦᠷᠢ ᠦᠪᠦᠷ ᠮᠣᠩᠭᠣᠯ ᠤᠨ ᠱᠤᠸᠠᠩ ᠰᠢᠨ ᠪᠠᠶᠢᠭᠠᠯᠢ ᠤᠷᠴᠢᠨ ᠢ ᠬᠠᠮᠠᠭᠠᠯᠠᠬᠤ ᠮᠠᠲ᠋ᠸᠷᠢᠶᠠᠯ ᠤᠨ ᠬᠢᠵᠠᠭᠠᠷᠲᠤ ᠺᠤᠮᠫᠠᠨᠢ᠂ ᠦᠪᠦᠷ ᠮᠣᠩᠭᠣᠯ ᠤᠨ ᠬᠦᠷᠡᠩ ᠨᠡᠭᠦᠷᠡᠰᠦᠨ ᠤ ᠬᠤᠩ ᠵᠢᠶᠦ᠋ᠨ ᠬᠦᠩᠭᠡᠨ ᠴᠠᠭᠠᠨ ᠴᠠᠬᠢᠯᠭᠠᠨ ᠤ ᠬᠢᠵᠠᠭᠠᠷᠲᠤ ᠺᠤᠮᠫᠠᠨᠢ ᠪᠤᠯᠤᠨ ᠦᠪᠦᠷ ᠮᠣᠩᠭᠣᠯ ᠤᠨ ᠮᠸᠩ ᠨᠢᠦ ᠲᠡᠭᠡᠲᠤ ᠮᠡᠷᠭᠡᠵᠢᠯ ᠤᠨ ᠰᠦᠨ ᠤ ᠦᠢᠯᠡᠰ ᠤᠨ ᠬᠢᠵᠠᠭᠠᠷᠲᠤ ᠺᠤᠮᠫᠠᠨᠢ ᠪᠤᠯᠤᠨ᠎ᠠ᠃ ᠪᠤᠬᠢᠷᠳᠤᠯ ᠦᠭᠡᠢ ᠬᠦᠷᠢᠶᠡᠯᠡᠩ ᠲᠤᠭᠤᠷᠢᠭ ᠤᠨ ᠨᠡᠷᠡᠰ ᠲᠤ ᠵᠢᠬᠰᠠᠭᠠᠭᠳᠠᠭᠰᠠᠨ ᠬᠦᠷᠢᠶᠡᠯᠡᠩ ᠲᠤᠭᠤᠷᠢᠭ ᠨᠢ ᠦᠪᠦᠷ ᠮᠣᠩᠭᠣᠯ ᠤᠨ ᠤᠳᠤᠬ ᠤᠨ ᠡᠳ᠋ ᠤᠨ ᠵᠠᠰᠠᠭ ᠤᠨ ᠨᠡᠭᠡᠭᠡᠯᠲᠡ ᠶᠢᠨ ᠪᠦᠰᠡ ᠬᠢᠭᠡᠳ ᠦᠬᠠᠢ ᠡᠳ᠋ ᠤᠨ ᠵᠠᠰᠠᠭ ᠤᠨ ᠨᠡᠭᠡᠭᠡᠯᠲᠡ ᠶᠢᠨ ᠪᠦᠰᠡ ᠶᠢᠨ ᠪᠦᠸᠸ ᠬᠠᠢ ᠪᠤᠯᠤᠩ ᠤᠨ ᠠᠵᠤ ᠦᠢᠯᠳᠪᠦᠷᠢ ᠶᠢᠨ ᠬᠦᠷᠢᠶᠡᠯᠡᠩ᠃

    ᠲᠤᠰ ᠤᠳᠠᠭᠠᠨ ᠤ ᠰᠤᠩᠭ᠋ᠤᠨ ᠰᠢᠯᠭᠠᠷᠠᠭᠤᠯᠤᠯᠲᠠ ᠢᠶᠡᠷ ᠳᠠᠮᠵᠢᠨ ᠵᠢᠱᠢᠶᠠᠴᠢ ᠪᠠᠶᠢᠭᠤᠯᠤᠯᠭ᠎ᠠ ᠨᠢᠭᠡᠴᠡ ᠶᠢᠨ ᠪᠤᠬᠢᠷᠳᠤᠯ ᠦᠭᠡᠢ ᠬᠦᠭ᠍ᠵᠢᠯᠲᠠ ᠶᠢᠨ ᠲᠦᠪᠰᠢᠨ ᠢ ᠤᠯᠠᠮ ᠳᠡᠭᠡᠭ᠍ᠰᠢᠯᠡᠭᠦᠯᠬᠦ ᠶᠢ ᠠᠬᠢᠭᠤᠯᠵᠤ᠂ ᠪᠤᠬᠢᠷᠳᠤᠯ ᠦᠭᠡᠢ ᠲᠡᠷᠢᠭᠦᠨ ᠤ ᠵᠢᠱᠢᠶᠠᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠮᠢᠶ᠎ᠠ ᠪᠦᠬᠦᠢ ᠬᠦᠷᠢᠶ᠎ᠠ ᠴᠠᠷᠠᠭᠠᠨ ᠳᠡᠬᠢ ᠪᠤᠬᠢᠷᠳᠤᠯ ᠦᠭᠡᠢ ᠦᠢᠯᠡᠳᠪᠦᠷᠢᠯᠡᠯ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121649322