蒙古文网站Logo
ᠰᠢᠨᠬᠤᠸᠠ ᠮᠤᠩᠭ᠋ᠤᠯ ᠨᠧᠲ

ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠤᠷᠳᠤᠰ ᠲᠤ《ᠳᠤᠮᠳᠠᠳᠤ ᠤᠯᠤᠰ ᠤᠨ ᠬᠦᠪᠴᠢ ᠠᠮᠢ ᠠᠬᠤᠢ ᠶᠢᠨ ᠪᠠᠶᠠᠯᠢᠭ ᠤᠨ ᠦᠨᠡᠯᠡᠯᠲᠡ ᠶᠢᠨ ᠮᠡᠳᠡᠭᠦᠯᠦᠯᠲᠡ》 ᠶ᠋ᠢ ᠨᠡᠶᠢᠲᠡᠯᠡᠪᠡ

2017-09-12 16:36

    9 ᠰᠠᠷ᠎ᠠ ᠶᠢᠨ 11 ᠤ ᠡᠳᠦᠷ᠂ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠤᠷᠴᠢᠨ ᠲᠤᠭᠤᠷᠢᠨ ᠤ ᠵᠠᠬᠢᠷᠭ᠎ᠠ ᠡᠴᠡ ᠦᠪᠦᠷ ᠮᠣᠩᠭᠣᠯ ᠤᠨ ᠤᠷᠳᠤᠰ ᠬᠤᠲᠠ ᠳᠤ ᠬᠤᠷᠠᠯᠳᠤᠭᠰᠠᠨ《 ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠴᠦᠯᠵᠢᠯᠲᠠ ᠶᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠠ》 ᠶ᠋ᠢᠨ ᠠᠷᠪᠠᠨ ᠭᠤᠷᠪᠠᠳᠤᠭᠠᠷ ᠤᠳᠠᠭᠠᠨ ᠤ ᠭᠡᠷᠡᠲᠤ ᠲᠠᠯ᠎ᠠ ᠶᠢᠨ ᠶᠡᠬᠡ ᠬᠤᠷᠠᠯ ᠳᠡᠭᠡᠷ᠎ᠠ《ᠳᠤᠮᠳᠠᠳᠤ ᠤᠯᠤᠰ ᠤᠨ ᠬᠦᠪᠴᠢ ᠠᠮᠢ ᠠᠬᠤᠢ ᠶᠢᠨ ᠪᠠᠶᠠᠯᠢᠭ ᠤᠨ ᠦᠨᠡᠯᠡᠯᠲᠡ ᠶᠢᠨ ᠮᠡᠳᠡᠭᠦᠯᠦᠯᠲᠡ》 ᠶ᠋ᠢ ᠠᠯᠪᠠᠨ ᠶᠤᠰᠤᠭᠠᠷ ᠨᠡᠶᠢᠲᠡᠯᠡᠪᠡ᠃

    ᠡᠨᠡᠬᠦ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠠᠯᠪᠠᠨ ᠡᠴᠡ ᠨᠡᠶᠢᠲᠡᠯᠡᠭᠰᠡᠨ ᠠᠮᠢ ᠠᠬᠤᠢ ᠶᠢᠨ ᠪᠠᠶᠠᠯᠢᠭ ᠤᠨ ᠮᠡᠳᠡᠭᠦᠯᠦᠯᠲᠠ ᠨᠢ ᠠᠩᠬ᠎ᠠ ᠤᠳᠠᠭ᠎ᠠ ᠰᠢᠨᠵᠢᠯᠡᠬᠦ ᠤᠬᠠᠭᠠᠨᠴᠢ ᠪᠡᠷ ᠳᠤᠮᠳᠠᠳᠤ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠶᠢ ᠦᠨᠡᠯᠡᠨ ᠲᠤᠭᠲᠠᠭᠠᠭᠰᠠᠨ ᠪᠠᠶᠢᠯ᠎ᠠ᠃ ᠬᠦᠪᠴᠢ ᠨᠢ ᠳᠡᠯᠬᠡᠢ ᠳᠠᠶᠠᠭᠠᠷ ᠤᠨ ᠬᠠᠮᠤᠭ ᠤᠨ ᠠᠩᠬᠠᠨ ᠤ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠪᠤᠯᠤᠨ ᠤᠯᠠᠨ ᠤᠯᠤᠰ ᠤᠨ ᠨᠡᠶᠢᠭᠡᠮ ᠡᠴᠡ ᠮᠡᠳᠡᠷᠡᠭᠰᠡᠨ ᠡᠯᠡᠰᠤ ᠶᠢ ᠵᠠᠰᠠᠬᠤ ᠳᠤᠮᠳᠠᠳᠤ ᠶᠢᠨ ᠲᠦᠰᠦᠪ ᠪᠤᠯᠤᠨ ᠳᠤᠮᠳᠠᠳᠤ ᠶᠢᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠠ ᠪᠤᠯᠤᠭᠰᠠᠨ ᠪᠠᠶᠢᠨ᠎ᠠ᠃

    ᠦᠨᠡᠯᠡᠯᠲᠡ ᠶᠢᠨ ᠦᠷ᠎ᠠ ᠳ᠋ᠦᠩ ᠳᠤ᠂ ᠬᠦᠪᠴᠢ ᠡᠯᠡᠰᠤᠨ ᠴᠦᠯ ᠨᠡᠶᠢᠲᠡ 969 ᠲᠦᠮᠡᠨ ᠮᠦ ᠲᠠᠯᠠᠪᠠᠢ ᠡᠯᠡᠰᠦᠨ ᠴᠦᠯ ᠰᠡᠷᠭᠦᠭᠡᠨ ᠨᠤᠭᠤᠭᠠᠷᠠᠭᠤᠯᠤᠭᠰᠠᠨ ᠢᠶᠡᠷ 1540 ᠲᠦᠮᠡᠨ ᠲᠤᠨ ᠬᠠᠳᠠᠭᠤ ᠨᠡᠭᠦᠷᠡᠰᠦᠲᠦ᠋ᠷᠦᠭᠴᠢ ᠂ 243.76 ᠳ᠋ᠦᠩᠰᠢᠭᠤᠷ ᠺᠦᠪ ᠮᠸᠲ᠋ᠷ ᠤᠰᠤᠨ ᠤ ᠬᠠᠳᠠᠭᠠᠯᠠᠭᠳᠠᠴᠠ ᠲᠠᠢ ᠪᠤᠯᠵᠤ᠂ 1830 ᠲᠦᠮᠡᠨ ᠲᠤᠨ ᠬᠦᠴᠢᠯᠳᠦᠷᠦ᠋ᠭᠴᠢ ᠢᠯᠭᠠᠷᠠᠭᠤᠯᠤᠨ᠂ ᠠᠮᠢ ᠠᠬᠤᠢ ᠶᠢᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠦᠢᠯᠡᠳᠪᠦᠷᠢᠯᠡᠯ ᠤᠨ ᠦᠷᠲᠡᠭ 3.49 ᠳ᠋ᠦᠩᠰᠢᠭᠤᠷ ᠲᠦᠬᠦᠷᠢᠭ᠌ ᠲᠤ ᠬᠦᠷᠴᠤ᠂ 5000 ᠭᠠᠷᠤᠢ ᠳ᠋ᠦᠩᠰᠢᠭᠤᠷ ᠲᠦᠬᠦᠷᠢᠭ᠌ ᠤᠨ ᠠᠮᠢ ᠠᠬᠤᠢ ᠶᠢᠨ ᠪᠠᠶᠠᠯᠢᠭ ᠢ ᠡᠭᠦᠳᠦᠭᠰᠡᠨ ᠪᠠᠶᠢᠨ᠎ᠠ᠃ ᠡᠭᠦᠨ ᠳᠤ᠂ 80% ᠨᠢ ᠠᠮᠢ ᠠᠬᠤᠢ ᠶᠢᠨ ᠦᠷ᠎ᠠ ᠠᠰᠢᠭ ᠬᠢᠭᠡᠳ ᠨᠡᠶᠢᠭᠡᠮ ᠤᠨ ᠦᠷ᠎ᠠ ᠠᠰᠢᠭ ᠪᠠᠶᠢᠵᠤ᠂ ᠲᠤᠬᠠᠢ ᠶᠢᠨ ᠪᠦᠰᠡ ᠨᠤᠲᠤᠭ ᠤᠨ 10 ᠲᠦᠮᠡ ᠭᠠᠷᠤᠢ ᠬᠦᠮᠦᠨ ᠠᠷᠠᠳ ᠢ ᠶᠠᠳᠠᠭᠤ ᠡᠴᠡ ᠠᠩᠭᠢᠵᠢᠷᠠᠭᠤᠯᠵᠤ᠂ ᠳᠠᠪᠬᠤᠷᠳᠠᠭᠰᠠᠨ ᠲᠤᠭ᠎ᠠ ᠪᠡᠷ 100 ᠭᠠᠷᠤᠢ ᠲᠦᠮᠡᠨ ᠬᠦᠮᠦᠨ ᠳᠤ ᠠᠵᠢᠯ ᠤᠯᠭᠤᠪᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121650347