蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 4 ᠠᠵᠤ ᠠᠬᠤᠶᠢᠯᠠᠯ ᠳᠤᠮᠳᠠᠳᠤ ᠤᠯᠤᠰ ᠤᠨ 500 ᠬᠦᠴᠦᠷᠬᠡᠭ᠌ ᠲᠤ ᠵᠢᠬᠰᠠᠭᠠᠭᠳᠠᠪᠠ

2017-09-13 11:49

    9 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠬᠠᠮᠳᠤᠷᠠᠭᠰᠠᠨ ᠬᠤᠷᠠᠯ ᠪᠤᠯᠤᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠡᠶᠢᠭᠡᠮᠯᠢᠭ᠌ ᠡᠴᠡ《2017ᠤᠨ ᠤ ᠳᠤᠮᠳᠠᠳᠤ ᠶᠢᠨ ᠠᠵᠤ ᠠᠬᠤᠶᠢᠯᠠᠯ ᠤᠨ 500 ᠬᠦᠴᠦᠷᠬᠡᠭ᠌》 ᠤᠨ ᠵᠢᠬᠰᠠᠭᠠᠯᠲᠠ ᠶᠢ ᠨᠡᠶᠢᠲᠡᠯᠡᠪᠡ᠃ ᠡᠭᠦᠨ ᠳᠤ᠂ ᠦᠪᠦᠷ ᠮᠣᠩᠭᠣᠯ ᠤᠨ 4 ᠠᠵᠤ ᠠᠬᠤᠶᠢᠯᠠᠯ ᠨᠡᠷᠡᠰ ᠲᠤ ᠵᠢᠬᠰᠠᠭᠠᠭᠳᠠᠵᠠᠢ᠃

    ᠨᠡᠷᠡᠰ ᠲᠤ ᠵᠢᠬᠰᠠᠭᠠᠭᠳᠠᠭᠰᠠᠨ ᠦᠪᠦᠷ ᠮᠣᠩᠭᠣᠯ ᠤᠨ 4 ᠠᠵᠤ ᠠᠬᠤᠶᠢᠯᠠᠯ ᠨᠢ ᠦᠪᠦᠷ ᠮᠣᠩᠭᠣᠯ ᠤᠨ ᠢ ᠯᠢ ᠠᠵᠦ ᠦᠢᠯᠡᠰ ᠤᠨ ᠪᠦᠯᠦᠭᠯᠡᠯ ᠤᠨ ᠬᠢᠵᠠᠭᠠᠷᠲᠤ ᠺᠤᠮᠫᠠᠨᠢ 246 ᠳ᠋ᠤᠭᠠᠷ ᠲᠤ ᠵᠢᠬᠰᠠᠵᠤ᠂ ᠡᠵᠡᠩᠨᠡᠯᠲᠠ ᠶᠢᠨ ᠤᠷᠤᠯᠭ᠎ᠠ 606.09 ᠳ᠋ᠦᠩᠰᠢᠭᠤᠷ ᠲᠦᠬᠦᠷᠢᠭ᠌᠃ ᠦᠪᠦᠷ ᠮᠣᠩᠭᠣᠯ ᠤᠨ ᠴᠠᠬᠢᠯᠭᠠᠨ ᠬᠦᠴᠦᠨ ᠤ (ᠪᠦᠯᠦᠭᠯᠡᠯ)ᠬᠢᠵᠠᠭᠠᠷᠲᠤ ᠺᠤᠮᠫᠠᠨᠢ 252 ᠳ᠋ᠤᠭᠠᠷ ᠲᠤ ᠵᠢᠬᠰᠠᠵᠤ᠂ ᠡᠵᠡᠩᠨᠡᠯᠲᠠ ᠶᠢᠨ ᠤᠷᠤᠯᠭ᠎ᠠ 598.44 ᠳ᠋ᠦᠩᠰᠢᠭᠤᠷ ᠲᠦᠬᠦᠷᠢᠭ᠌᠃ ᠦᠪᠦᠷ ᠮᠣᠩᠭᠣᠯ ᠤᠨ ᠡᠢ ᠲᠠᠢ ᠪᠦᠯᠦᠭᠯᠡᠯ ᠤᠨ ᠬᠢᠵᠠᠭᠠᠷᠲᠤ ᠺᠤᠮᠫᠠᠨᠢ 348 ᠳ᠋ᠤᠭᠠᠷ ᠲᠤ ᠵᠢᠬᠰᠠᠵᠤ᠂ ᠡᠵᠡᠩᠨᠡᠯᠲᠠ ᠶᠢᠨ ᠤᠷᠤᠯᠭ᠎ᠠ 411.53 ᠳ᠋ᠦᠩᠰᠢᠭᠤᠷ ᠲᠦᠬᠦᠷᠢᠭ᠌᠃ ᠪᠤᠭᠤᠲᠤ ᠶᠢᠨ ᠪᠤᠯᠤᠳ ᠲᠡᠮᠦᠷ ᠤᠨ ᠦᠢᠯᠡᠳᠪᠦᠷᠢ ᠶᠢᠨ(ᠪᠦᠯᠦᠭᠯᠡᠯ) ᠬᠢᠵᠠᠭᠠᠷᠲᠤ ᠺᠤᠮᠫᠠᠨᠢ 371 ᠳ᠋ᠤᠭᠠᠷ ᠲᠤ ᠵᠢᠬᠰᠠᠵᠤ᠂ ᠡᠵᠡᠩᠨᠡᠯᠲᠠ ᠶᠢᠨ ᠤᠷᠤᠯᠭ᠎ᠠ ᠨᠢ 381.07 ᠳ᠋ᠦᠩᠰᠢᠭᠤᠷ ᠲᠦᠬᠦᠷᠢᠭ᠌ ᠪᠠᠶᠢᠪᠠ᠃

    ᠤᠶᠢᠯᠠᠭᠠᠭᠰᠠᠨ ᠢᠶᠡᠷ᠂ ᠦᠨᠦ ᠵᠢᠯ ᠤᠨ ᠳᠤᠮᠳᠠᠳᠤ ᠤᠯᠤᠰ ᠤᠨ ᠠᠵᠤ ᠠᠬᠤᠶᠢᠯᠠᠯ ᠤᠨ 500 ᠬᠦᠴᠦᠷᠬᠡᠭ᠌ ᠤᠨ ᠡᠩᠨᠡᠭᠡᠨ ᠳᠤ ᠵᠢᠬᠰᠠᠬᠤ ᠦᠨᠳᠦᠰᠦᠨ ᠨᠦᠬᠦᠴᠡᠯ ᠨᠢ ᠡᠵᠡᠩᠨᠡᠯᠲᠡ ᠶᠢᠨ ᠤᠷᠤᠯᠭ᠎ᠠ  283.11 ᠳ᠋ᠦᠩᠰᠢᠭᠤᠷ ᠲᠦᠬᠦᠷᠢᠭ᠌ ᠲᠤ ᠬᠦᠷᠦᠭᠰᠡᠨ ᠪᠠᠶᠢᠬᠤ ᠬᠡᠷᠡᠭᠲᠠᠢ᠃ ᠪᠡᠭᠡᠵᠢᠩ ᠬᠤᠲᠠ ᠶᠢ ᠭᠠᠷᠭᠠᠪᠠᠯ ᠭᠤᠸᠠᠩᠳᠦ᠋ᠩ᠂ ᠵᠢᠶᠠᠩᠰᠤ᠂ ᠱᠠᠨᠳ᠋ᠦ᠋ᠩ ᠵᠡᠷᠭᠡ ᠪᠦᠰᠡ ᠨᠤᠲᠤᠭ ᠤᠨ ᠠᠵᠤ ᠠᠬᠤᠶᠢᠯᠠᠯ ᠬᠠᠮᠤᠭ ᠡᠴᠡ ᠤᠯᠠᠨ ᠵᠢᠬᠰᠠᠭᠠᠭᠳᠠᠪᠠ᠃ (ᠰᠤᠷᠪᠤᠯᠵᠢᠯᠠᠭᠴᠢ ᠯᠢᠶᠠᠩ ᠯᠢᠶᠠᠩ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121656161