蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ1181 ᠲᠦᠰᠤᠯ ᠰᠠᠩᠬᠦᠦ ᠡᠳ᠋ ᠤᠨ ᠵᠠᠰᠠᠭ ᠤᠨ ᠶᠠᠮᠤᠨ ᠤ ᠤᠯᠤᠰ ᠲᠠᠶᠠᠭᠠᠷ ᠤᠨ PPP ᠶᠡᠷᠦᠩᠬᠡᠶᠢᠯᠡᠭᠰᠡᠨ ᠰᠤᠷᠠᠭ ᠵᠠᠩᠬᠢ ᠶᠢᠨ ᠰᠢᠰᠲ᠋ᠧᠮ ᠳᠤ ᠤᠷᠤᠪᠠ

2017-09-19 17:29

    ᠰᠤᠷᠪᠤᠯᠵᠢᠯᠠᠭᠴᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠰᠠᠩᠬᠦᠦ ᠡᠳ᠋ ᠤᠨ ᠵᠠᠰᠠᠭ ᠤᠨ ᠲᠢᠩᠬᠢᠮ ᠡᠴᠡ ᠤᠶᠢᠯᠠᠭᠠᠭᠰᠠᠨ ᠢᠶᠡᠷ᠂ ᠤᠳᠤ ᠪᠤᠯᠳᠠᠯ᠎ᠠ᠂ ᠤᠷᠤᠨ ᠲᠠᠶᠠᠭᠠᠷ ᠤᠨ 1181 ᠲᠦᠰᠦᠯ ᠰᠠᠩᠬᠦᠦ ᠡᠳ᠋ ᠤᠨ ᠵᠠᠰᠠᠭ ᠤᠨ ᠤᠯᠤᠰ ᠲᠠᠶᠠᠭᠠᠷ ᠤᠨ PPP( ᠵᠠᠰᠠᠭ ᠤᠨ ᠤᠷᠳᠤᠨ ᠪᠤᠯᠤᠨ ᠨᠡᠶᠢᠬᠡᠮ ᠤᠨ ᠬᠦᠷᠤᠩᠬᠡ ᠶᠢᠨ ᠬᠤᠷᠰᠢᠶᠠᠵᠢᠯ ᠤᠨ ᠵᠠᠭᠪᠤᠷ) ᠶᠡᠷᠦᠩᠬᠡᠶᠢᠯᠡᠭᠰᠡᠨ ᠰᠤᠷᠠᠭ ᠵᠠᠩᠬᠢ ᠶᠢᠨ ᠰᠢᠰᠲ᠋ᠧᠮ ᠳᠤ ᠤᠷᠤᠵᠠᠢ᠃ ᠡᠬᠦᠨ ᠳᠤ ᠵᠠᠮ ᠬᠠᠷᠢᠯᠴᠠᠭ᠎ᠠ᠂ ᠤᠰᠤᠨ ᠠᠰᠢᠭᠯᠠᠯᠳᠠ᠂ ᠡᠷᠡᠬᠦᠯ ᠬᠠᠮᠠᠭᠠᠯᠠᠯ ᠵᠡᠷᠬᠡ ᠨᠡᠶᠢᠳᠡ ᠶᠢᠨ ᠬᠡᠷᠡᠭᠯᠡᠬᠡᠨ ᠤ ᠲᠡᠳ᠋ ᠪᠦᠲᠦᠴᠡ ᠪᠤᠯᠤᠨ ᠨᠡᠶᠢᠳᠡ ᠶᠢᠨ ᠦᠢᠯᠡᠴᠢᠯᠡᠬᠡᠨ ᠤ ᠬᠠᠩᠭ᠋ᠠᠯᠭ᠎ᠠ ᠬᠡᠷᠡᠭᠴᠡᠭᠡᠨ ᠤ 19 ᠬᠦᠷᠢᠶ᠎ᠡ ᠴᠠᠷᠠᠭ᠎ᠠ ᠶᠢ ᠬᠠᠮᠤᠷᠴᠠᠢ᠃ ᠶᠡᠷᠦᠩᠬᠡᠢ ᠪᠡᠯᠡ ᠤᠷᠤᠯᠠᠭᠤᠯᠤᠯᠳᠠ ᠨᠢ ᠲᠦᠮᠡᠨ ᠳ᠋ᠦᠩᠰᠢᠭᠤᠷ ᠲᠦᠭᠦᠷᠢᠭ᠌᠌ ᠢ ᠲᠠᠪᠠᠵᠤ 10565 ᠳ᠋ᠦᠩᠰᠢᠭᠤᠷ ᠲᠤ ᠬᠦᠷᠴᠦ᠂ ᠲᠦᠰᠦᠯ ᠤᠨ ᠲᠤᠭ᠎ᠠ ᠪᠤᠯᠤᠨ ᠪᠡᠯᠡ ᠤᠷᠤᠯᠠᠭᠤᠯᠤᠯᠳᠠ ᠶᠢᠨ ᠨᠤᠷᠮ᠎ᠠ ᠨᠢ ᠲᠤᠰ ᠲᠤᠰ ᠤᠯᠤᠰ ᠲᠠᠶᠠᠭᠠᠷ ᠤᠨ ᠲᠠᠪᠤᠳᠤᠭᠠᠷ ᠪᠤᠯᠤᠨ ᠲᠤᠯᠤᠳᠤᠭᠠᠷ ᠪᠠᠶᠢᠷᠢ ᠳᠤ ᠤᠷᠤᠵᠤ ᠪᠠᠶᠢᠨ᠎ᠠ᠃ 

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120691121690172