蒙古文网站Logo
ᠰᠢᠨᠬᠤᠸᠠ ᠮᠤᠩᠭ᠋ᠤᠯ ᠨᠧᠲ

2017 ᠤ ᠦᠪᠦᠷ ᠮᠤᠩᠭ᠋ᠤᠯ ᠤᠨ ᠬᠤᠤᠰ ᠡᠬᠦᠳᠦᠯᠳᠡ ᠶᠢᠨ ᠠᠵᠢᠯᠯᠠᠭᠠᠨ ᠤ ᠲᠡᠭᠡᠳᠤ ᠲᠦᠪᠰᠢᠨ ᠤ ᠹᠣᠷᠦ᠋ᠮ ᠪᠤᠭᠤᠳᠤ ᠬᠤᠳᠠ ᠳᠤ ᠵᠤᠬᠢᠶᠠᠨ ᠪᠠᠶᠢᠭᠤᠯᠤᠭᠳᠠᠪᠠ

2017-09-19 17:29

    2017 ᠤ ᠦᠪᠦᠷ ᠮᠤᠩᠭ᠋ᠤᠯ ᠤᠨ ᠬᠤᠤᠰ ᠡᠬᠦᠳᠦᠯᠳᠡ ᠶᠢᠨ ᠠᠵᠢᠯᠯᠠᠭᠠᠨ ᠤ ᠭᠠᠷᠠᠭ ᠤᠨ ᠠᠷᠭ᠎ᠠ ᠬᠡᠮᠵᠢᠶ᠎ᠡ ᠶᠢᠨ ᠨᠢᠬᠡ ᠪᠤᠯᠤᠭᠰᠠᠨ ᠬᠤᠤᠰ ᠡᠬᠦᠳᠤᠯᠳᠡ ᠶᠢᠨ ᠲᠡᠭᠡᠳᠤ ᠲᠦᠪᠰᠢᠨ ᠤ ᠹᠣᠷᠦ᠋ᠮ 9 ᠰᠠᠷ᠎ᠠ ᠶᠢᠨ 18 ᠤ ᠡᠳᠤᠷ ᠪᠤᠭᠤᠳᠤ ᠬᠤᠳᠠ ᠳᠤ ᠵᠤᠬᠢᠶᠠᠨ ᠪᠠᠶᠢᠭᠤᠯᠤᠭᠳᠠᠪᠠ᠃ ᠫᠠᠨ ᠱᠢ ᠬᠦᠷᠦᠩᠬᠡ ᠤᠷᠤᠭᠤᠯᠤᠯᠳᠠ ᠶᠢᠨ ᠵᠠᠩ ᠳ᠋ᠧᠩ ᠵᠢᠶᠦ᠋ᠨ ᠪᠠ ᠤᠯᠤᠰ ᠤᠨ ᠵᠡᠷᠬᠡᠯᠡᠯ ᠤᠨ ᠰᠢᠨ᠎ᠡ ᠶᠢ ᠡᠬᠦᠳᠤᠨ ᠦᠢᠯᠡᠰ ᠪᠤᠰᠬᠠᠬᠴᠢᠳ ᠤᠨ ᠵᠢᠯᠤᠭᠤᠳᠬᠤ ᠪᠠᠭᠰᠢ ᠭᠦᠧᠧ ᠿᠦᠧᠧ ᠨᠢᠩ ᠲᠤᠰ ᠲᠤᠰ 《 ᠰᠢᠨ᠎ᠡ ᠶᠢ ᠡᠬᠦᠳᠦᠨ ᠦᠢᠯᠡᠰ ᠪᠤᠰᠬᠠᠬᠤ ᠪᠤᠯᠤᠨ ᠦᠢᠯᠡᠰ ᠪᠤᠰᠬᠠᠨ ᠬᠦᠷᠦᠩᠬᠡ ᠤᠷᠤᠭᠤᠯᠬᠤ》 ᠂ 《 ᠲᠦᠷᠦ ᠶᠢᠨ ᠪᠤᠳᠤᠯᠭ᠎ᠠ ᠬᠤᠤᠰ ᠡᠬᠦᠳᠤᠯᠳᠡ ᠶᠢ ᠲᠡᠮᠵᠢᠨ᠎ᠡ》 ᠬᠡᠬᠦ ᠲᠤᠰᠬᠠᠢ ᠰᠡᠳᠤᠪ ᠤᠨ ᠲᠠᠶᠢᠯᠤᠮᠵᠢ ᠬᠢᠵᠠᠢ᠃ ᠦᠢᠯᠡᠰ ᠪᠤᠰᠬᠠᠭᠴᠢ ᠶᠢᠨ ᠲᠦᠯᠦᠭᠡᠯᠡᠭᠴᠢᠳ᠂ ᠰᠢᠨ᠎ᠡ ᠡᠬᠦᠳᠤᠯᠳᠡ ᠶᠢᠨ ᠺᠤᠮᠫᠠᠨᠢ ᠶᠢᠨ ᠲᠦᠯᠦᠭᠡᠯᠡᠭᠴᠢᠳ᠂ ᠪᠤᠭᠤᠳᠤ ᠬᠤᠳᠠ ᠶᠢᠨ ᠡᠯ᠎ᠡ ᠬᠤᠰᠢᠭᠤ ᠰᠢᠶᠠᠨ ᠲᠤᠭᠤᠷᠢᠭ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠲᠤᠪᠴᠢᠶ᠎ᠠ᠂ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠤᠨ ᠤᠳᠤᠷᠢᠳᠤᠯᠭ᠎ᠠ ᠨᠠᠷ ᠂ ᠬᠤᠯᠪᠤᠭᠳᠠᠯ ᠪᠦᠬᠦᠢ ᠬᠠᠷᠢᠭᠤᠴᠠᠯᠭᠠᠳᠠᠳ 200 ᠭᠠᠷᠤᠢ ᠬᠦᠮᠦᠰ ᠹᠣᠷᠦ᠋ᠮ ᠳᠤ ᠤᠷᠤᠯᠴᠠᠵᠠᠢ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠲᠡᠭᠡᠳᠤ ᠲᠦᠪᠰᠢᠨ ᠤ ᠹᠤᠷᠦ᠋ᠮ ᠨᠢ ᠦᠢᠯᠡᠰ ᠪᠤᠰᠬᠠᠬᠤ᠂ ᠰᠢᠨ᠎ᠡ ᠶᠢ ᠡᠬᠦᠳᠬᠦ ᠤᠶᠢᠯᠠᠭᠠᠭᠳᠠᠬᠤᠨ ᠢ ᠪᠤᠢ ᠪᠤᠯᠭᠠᠬᠤ᠂ ᠠᠮᠵᠢᠯᠳᠠ ᠪᠦᠲᠦᠮᠵᠢ ᠶᠢᠨ ᠲᠤᠷᠰᠢᠯᠭ᠎ᠠ ᠪᠠᠨ ᠬᠤᠪᠢᠶᠠᠯᠴᠠᠬᠤ᠂ ᠰᠢᠨ᠎ᠡ ᠶᠢ ᠡᠬᠦᠳᠦᠨ ᠦᠢᠯᠡᠰ ᠪᠤᠰᠬᠠᠬᠤ ᠬᠦᠭ᠍ᠵᠢᠯᠳᠡ ᠶᠢᠨ ᠰᠢᠨ᠎ᠡ ᠬᠠᠨᠳᠤᠰᠢ ᠶᠢ ᠬᠦᠭ᠍ᠵᠢᠬᠦᠯᠬᠦ᠂ ᠡᠳ᠋ ᠤᠨ ᠵᠠᠰᠠᠭ ᠤᠨ ᠰᠢᠨ᠎ᠡ ᠵᠠᠭᠪᠤᠷ᠂ ᠰᠢᠨ᠎ᠡ ᠪᠠᠶᠢᠳᠠᠯ ᠤᠨ ᠲᠠᠯ᠎᠎ᠠ ᠪᠡᠷ ᠶᠠᠷᠢᠯᠴᠠᠬᠤ ᠪᠤᠯᠤᠨ ᠰᠠᠨᠠᠯ ᠢᠶᠡᠨ ᠰᠤᠯᠢᠯᠴᠠᠬᠤ ᠪᠡᠷ ᠭᠤᠤᠯ ᠵᠤᠷᠢᠯᠭ᠎ᠠ ᠪᠠᠨ ᠪᠤᠯᠭᠠᠵᠠᠢ᠃ ᠡᠨᠡ ᠨᠢ ᠤᠷᠤᠨ ᠲᠠᠶᠠᠭᠠᠷ ᠲᠤ ᠰᠢᠨ᠎ᠡ ᠶᠢ ᠡᠬᠦᠳᠦᠨ ᠦᠢᠯᠡᠰ ᠪᠤᠰᠬᠠᠬᠤ ᠵᠤᠷᠢᠭ ᠰᠠᠨᠠᠭ᠎ᠠ ᠶᠢ ᠤᠯᠠᠮᠵᠢᠯᠠᠨ ᠬᠦᠭ᠍ᠵᠢᠬᠦᠯᠬᠦ᠂ ᠰᠢᠨ᠎ᠡ ᠶᠢ ᠡᠬᠦᠳᠬᠦ ᠦᠢᠯᠡᠰ ᠪᠤᠰᠬᠠᠬᠤ ᠤᠷᠴᠢᠨ ᠢ ᠪᠤᠢ ᠪᠤᠯᠭᠠᠬᠤ ᠪᠦᠭᠡᠳ ᠰᠢᠨ᠎ᠡ ᠶᠢ ᠡᠬᠦᠳᠤᠨ ᠦᠢᠯᠡᠰ ᠪᠤᠰᠬᠠᠬᠤ ᠬᠠᠯᠠᠮᠰᠢᠯ ᠪᠦᠷᠢᠯᠳᠤᠬᠦ ᠳᠤ ᠴᠢᠬᠤᠯᠠ ᠪᠦᠭᠡᠳ ᠠᠯᠤᠰ ᠬᠡᠳᠤ ᠶᠢᠨ ᠠᠴᠢ ᠬᠤᠯᠪᠤᠭᠳᠠᠯ ᠲᠠᠢ᠃

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120691121690175