蒙古文网站Logo
ᠰᠢᠨᠬᠤᠸᠠ ᠮᠤᠩᠭ᠋ᠤᠯ ᠨᠧᠲ

ᠵᠢᠷᠭᠤᠭᠠᠨ ᠵᠦᠢᠯ ᠤᠨ ᠬᠢᠳᠡᠯ ᠡᠴᠡ ᠪᠤᠯᠵᠤ ᠲᠠᠨ ᠤ ᠨᠡᠶᠢᠬᠡᠮ ᠤᠨ ᠪᠠᠲᠤᠯᠠᠭᠠᠨ ᠤ ᠺᠠᠷᠲ  ᠬᠦᠴᠦᠨ ᠦᠬᠡᠢ ᠪᠤᠯᠬᠤ ᠪᠤᠯᠤᠨ᠎ᠠ

2017-09-20 18:54

    ᠨᠡᠶᠢᠬᠡᠮ ᠤᠨ ᠪᠠᠲᠤᠯᠠᠭᠠᠨ ᠤ ᠺᠠᠷᠲ ᠪᠤᠯ ᠺᠠᠷᠲ ᠡᠳ᠋ᠯᠡᠭᠰᠡᠳ ᠤᠨ ᠪᠤᠯᠪᠠᠰᠤᠨ ᠬᠦᠴᠦᠨ ᠤ ᠨᠥᠬᠡᠴᠡ ᠪᠤᠯᠤᠨ ᠨᠡᠶᠢᠬᠡᠮ ᠤᠨ ᠪᠠᠲᠤᠯᠠᠭᠠᠨ ᠤ ᠡᠷᠭᠡ ᠠᠰᠢᠭ ᠤᠨ ᠠᠴᠢᠶᠠᠯᠠᠬᠴᠢ ᠮᠦᠨ᠂ ᠲᠡᠷᠡ ᠨᠢ ᠪᠡᠶ᠎ᠠ ᠪᠡᠨ ᠭᠡᠷᠡᠴᠢᠯᠡᠬᠦ᠂ ᠰᠤᠷᠠᠭ ᠵᠠᠩᠬᠢ ᠳᠡᠮᠳᠡᠭᠯᠡᠬᠦ᠂ ᠠᠰᠠᠭᠤᠨ ᠯᠠᠪᠯᠠᠬᠤ᠂ ᠡᠮ ᠡᠮᠨᠡᠯᠭᠡ ᠳᠤ ᠲᠤᠭᠠᠴᠠᠭ᠎ᠠ ᠪᠤᠲᠤᠬᠤ᠂ ᠲᠦᠯᠦᠪᠦᠷᠢ ᠲᠤᠰᠢᠶᠠᠬᠤ ᠪᠠ ᠤᠯᠭᠤᠮᠵᠢ ᠪᠡᠨ ᠬᠦᠯᠢᠶᠠᠨ ᠠᠪᠬᠤ ᠵᠡᠷᠭᠡ ᠨᠡᠶᠢᠬᠡᠮ ᠤᠨ ᠪᠠᠲᠤᠯᠠᠭᠠᠨ ᠳᠡᠬᠢ ᠬᠡᠷᠡᠭᠯᠡᠬᠡᠨ ᠤ ᠴᠢᠳᠠᠮᠵᠢ ᠲᠠᠢ ᠪᠦᠬᠡᠳ ᠪᠡᠯᠡᠨ ᠮᠦᠩᠬᠦ ᠬᠠᠳᠠᠭᠠᠯᠠᠬᠤ ᠪᠤᠶᠤ ᠭᠠᠷᠭᠠᠬᠤ᠂ ᠳᠠᠩᠰᠠ ᠰᠢᠯᠵᠢᠬᠦᠯᠬᠦ᠂ ᠲᠤᠭᠠᠴᠠᠭ᠎ᠠ ᠪᠤᠲᠤᠬᠤ ᠵᠡᠷᠭᠡ ᠰᠠᠩᠬᠦᠦ ᠶᠢᠨ ᠬᠡᠷᠡᠭᠯᠡᠬᠡᠨ ᠤ ᠴᠢᠳᠠᠮᠵᠢ ᠲᠠᠢ ᠶᠤᠮ᠃

    ᠭᠡᠳᠡᠯ᠎ᠠ ᠲᠠ ᠮᠡᠳᠡᠨ᠎ᠠ ᠤᠤ ? ᠺᠠᠷᠲ ᠡᠳ᠋ᠯᠡᠭᠰᠡᠳ ᠬᠡᠷᠪᠡ ᠦᠨᠳᠦᠰᠦᠨ ᠡᠮᠨᠡᠯᠬᠡ ᠶᠢᠨ ᠳᠠᠭᠠᠳᠬᠠᠯ ᠵᠡᠷᠭᠡ ᠲᠤᠭᠳᠠᠭᠠᠯ ᠢ ᠵᠦᠷᠢᠴᠡᠭᠰᠠᠨ ᠪᠠᠶᠢᠪᠠᠯ᠂ ᠨᠡᠶᠢᠬᠡᠮ ᠤᠨ ᠪᠠᠲᠤᠯᠠᠭᠠᠨ ᠤ ᠺᠠᠷᠲ ᠬᠡᠷᠡᠭᠯᠡᠬᠦ ᠶᠢ ᠨᠢ ᠲᠦᠷ ᠵᠤᠬᠰᠤᠭᠠᠵᠤ᠂ ᠵᠠᠰᠠᠭ ᠤᠨ ᠰᠢᠢᠳᠭᠡᠯ ᠤᠯᠭᠤᠬᠤ ᠪᠤᠶᠤ ᠴᠢᠨᠠᠬᠰᠢᠯᠠᠪᠠᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ᠃

    ᠲᠡᠭᠡᠪᠡᠯ ᠶᠠᠮᠠᠷᠰᠢᠤ ᠪᠠᠶᠢᠳᠠᠯ ᠨᠢ ᠲᠤᠭᠳᠠᠭᠠᠯ ᠢ ᠵᠦᠷᠢᠴᠡᠭᠰᠠᠨ ᠳᠤ ᠲᠤᠭᠠᠴᠢᠬᠳᠠᠬᠤ ᠪᠤᠢ ?

    ᠨᠢᠬᠡ᠂ ᠨᠡᠶᠢᠬᠡᠮ ᠤᠨ ᠪᠠᠲᠤᠯᠠᠭᠠᠨ ᠤ ᠺᠠᠷᠲ ᠢᠶᠡᠷ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠬᠤ᠂ ᠡᠮᠴᠢᠯᠡᠭᠡ ᠬᠢᠯᠭᠡᠬᠦ ᠲᠠᠢ ᠬᠠᠮᠢᠶ᠎ᠠ ᠦᠬᠡᠢ ᠪᠡᠶ᠎ᠠ ᠪᠤᠯᠪᠠᠰᠤᠷᠠᠭᠤᠯᠬᠤ ᠬᠡᠷᠡᠭᠰᠡᠯ ᠪᠤᠶᠤ ᠡᠷᠡᠭᠦᠯ ᠮᠡᠨᠳᠤ ᠪᠡᠨ ᠲᠤᠳᠤᠮᠳᠠᠬᠤ ᠵᠦᠢᠯᠡᠰ ᠬᠤᠳᠠᠯᠳᠤᠨ ᠠᠪᠬᠤ ᠃

    ᠬᠤᠶᠠᠷ᠂ ᠡᠮ ᠢᠶᠡᠷ ᠡᠮ ᠪᠠ ᠪᠤᠳᠠᠰ ᠰᠣᠯᠢᠬᠤ᠂ ᠡᠮ ᠳᠠᠮᠵᠢᠭᠤᠯᠤᠨ ᠬᠤᠳᠠᠯᠳᠤᠬᠤ᠂ ᠬᠠᠤᠯᠢ ᠪᠤᠰᠤ ᠪᠡᠷ ᠪᠤᠶᠤ ᠬᠤᠳᠠᠯ ᠬᠠᠭᠤᠷᠮᠠᠭ ᠢᠶᠡᠷ ᠰᠢᠨᠵᠢᠯᠡᠭᠡ ᠬᠢᠯᠭᠡᠭᠰᠡᠨ᠂ ᠡᠮᠨᠡᠭᠦᠯᠦᠭᠰᠡᠨ ᠪᠠᠷᠢᠮᠲᠠ ᠭᠠᠷᠭᠠᠵᠤ ᠡᠮᠨᠡᠯᠬᠡ ᠶᠢᠨ ᠳᠠᠭᠠᠳᠬᠠᠯ ᠤᠨ ᠹᠤᠨᠳ᠋ ᠮᠡᠬᠡᠯᠡᠨ ᠠᠪᠬᠤ᠃

    ᠭᠤᠷᠪᠠ᠂ ᠥᠷᠥᠬᠡᠯ ᠤᠨ ᠨᠡᠶᠢᠬᠡᠮ ᠤᠨ ᠪᠠᠲᠤᠯᠠᠭᠠᠨ ᠤ ᠺᠠᠷᠲ ᠢ ᠠᠰᠢᠬᠯᠠᠬᠤ᠃

    ᠳᠦᠷᠪᠡ᠂ ᠡᠪᠡᠳᠴᠢᠨ ᠤ ᠳ᠋ᠦᠩᠨᠡᠯᠲᠠ ᠪᠤᠶᠤ ᠪᠠᠷᠢᠮᠲᠠ ᠪᠢᠴᠢᠭ᠌ ᠵᠣᠬᠢᠶᠠᠬᠤ᠃

    ᠲᠠᠪᠤ᠂ ᠡᠮ ᠫᠠᠨᠽᠠᠯᠠᠨ ᠬᠤᠳᠠᠯᠳᠤᠬᠤ ᠃

    ᠵᠢᠷᠭᠤᠭ᠎ᠠ᠂ ᠨᠡᠶᠢᠬᠡᠮ ᠤᠨ ᠪᠠᠲᠤᠯᠠᠭᠠᠨ ᠤ ᠺᠠᠷᠲ ᠢᠶᠡᠨ ᠪᠤᠰᠤᠳ ᠲᠤ ᠵᠢᠬᠡᠯᠡᠬᠦᠯᠬᠦ᠃

 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121697443