蒙古文网站Logo
ᠰᠢᠨᠬᠤᠸᠠ ᠮᠤᠩᠭ᠋ᠤᠯ ᠨᠧᠲ

ᠤᠷᠤᠨ ᠳᠠᠶᠠᠭᠠᠷ ᠤᠨ 2198 ᠬᠤᠲᠠ ᠪᠠᠯᠭᠠᠰᠤᠨ ᠤ ᠨᠡᠶᠢᠭᠡᠮ ᠲᠣᠭᠤᠷᠢᠭ ᠤᠨ ᠠᠵᠢᠯᠯᠠᠭ᠎ᠠ ᠪᠤᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠴᠦᠮ ᠪᠠᠷᠢᠮᠵᠢᠶ᠎ᠠ ᠳᠤ ᠬᠦᠷᠪᠡ

2017-09-22 16:19

    ᠰᠡᠭᠦᠯ ᠤᠨ ᠵᠢᠯ ᠤᠳ ᠲᠤ᠂ ᠦᠪᠦᠷ ᠮᠣᠩᠭᠣᠯ ᠬᠤᠲᠠ ᠪᠠᠯᠭᠠᠰᠤᠨ ᠤ ᠨᠡᠶᠢᠭᠡᠮ ᠲᠣᠭᠤᠷᠢᠭ ᠤᠨ ᠠᠵᠢᠯᠯᠠᠭ᠎ᠠ ᠪᠣᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠤᠬᠰᠠᠨ ᠶᠢᠡᠷ ᠡᠨᠡ ᠵᠢᠯ ᠤᠨ 7 ᠰᠠᠷ᠎ᠠ ᠶᠢᠨ ᠡᠴᠦᠰ ᠪᠤᠯᠬᠤ ᠳᠤ ᠤᠷᠤᠨ ᠳᠠᠶᠠᠭᠠᠷ ᠤᠨ 2198 ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ ᠠᠵᠢᠯᠯᠠᠭ᠎ᠠ ᠪᠣᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠨᠢ ᠴᠦᠮ ᠪᠠᠭ᠎ᠠ ᠳᠠᠭᠠᠨ 300 ᠺᠦᠸᠠᠳ᠋ ᠮᠧᠲ᠋ᠷ ᠠᠴᠠ ᠳᠡᠭᠡᠭ᠍ᠰᠢᠬᠢ ᠪᠠᠶᠢᠬᠤ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠪᠡ᠃

    ᠡᠭᠦᠨ ᠳᠤ᠂ ᠲᠦᠩᠯᠢᠶᠣᠤ ᠬᠤᠳᠠ᠂ ᠦᠬᠠᠶ ᠬᠤᠳᠠ᠂ ᠠᠯᠠᠱᠠ ᠠᠶᠢᠮᠠᠭ ᠵᠡᠷᠭᠡ ᠭᠠᠵᠠᠷ ᠤᠷᠤᠨ 2013 ᠤᠨ ᠳᠤ ᠨᠡᠶᠢᠭᠡᠮ ᠲᠣᠭᠤᠷᠢᠭ ᠤᠨ ᠠᠵᠢᠯᠯᠠᠭ᠎ᠠ ᠪᠣᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠶᠢ ᠪᠠᠷᠢᠮᠵᠢᠶ᠎ᠠ ᠳᠤ ᠬᠦᠷᠦᠬᠦᠯᠬᠦ ᠡᠭᠦᠷᠭᠡ ᠶᠢ ᠪᠡᠶᠡᠯᠡᠭᠦᠯᠦᠭᠡᠳ᠂ ᠦᠪᠦᠷ ᠮᠣᠩᠭᠣᠯ ᠳ᠋ᠤ ᠬᠠᠮᠤᠭ ᠤᠨ ᠡᠷᠲᠡ ᠡᠭᠦᠷᠭᠡ ᠪᠠᠨ ᠪᠡᠶᠡᠯᠡᠭᠦᠯᠦᠭᠰᠡᠨ ᠭᠠᠵᠠᠷ ᠣᠷᠣᠨ ᠪᠤᠯᠤᠭᠰᠠᠨ ᠪᠠᠶᠢᠨ᠎ᠠ; ᠣᠷᠳᠣᠰ ᠬᠤᠲᠠ ᠤᠷᠤᠨ ᠳᠠᠶᠠᠭᠠᠷ ᠲᠤ ᠲᠠᠯᠠᠪᠠᠶ ᠪᠠᠷ ᠬᠠᠮᠤᠭ ᠤᠨ ᠲᠤᠮᠤ ᠨᠡᠶᠢᠭᠡᠮ ᠲᠣᠭᠤᠷᠢᠭ ᠤᠨ ᠠᠵᠢᠯᠯᠠᠭ᠎ᠠ ᠪᠤᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠶᠢ ᠪᠠᠶᠢᠭᠤᠯᠵᠤ᠂ ᠲᠦᠮᠡ ᠭᠠᠷᠤᠶ ᠺᠦᠸᠠᠳ᠋ ᠮᠧᠲ᠋ᠷ ᠲᠤ ᠬᠦᠷᠪᠡ; ᠪᠤᠭᠤᠲᠤ ᠬᠤᠳᠠ᠂ ᠡᠷᠢᠶᠡᠨ ᠬᠤᠳᠠ᠂ ᠮᠠᠨᠵᠤᠤᠷ ᠬᠤᠳᠠ᠂ ᠬᠥᠬᠡᠬᠤᠲᠠ ᠶᠢᠨ ᠢᠦᠶᠢᠴᠢᠤᠸᠠᠨ ᠲᠣᠭᠤᠷᠢᠭ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠵᠡᠷᠭᠡ ᠭᠠᠵᠠᠷ ᠤᠷᠤᠨ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠲᠣᠭᠤᠷᠢᠭ ᠪᠤᠯᠤᠨ ᠬᠠᠭᠤᠴᠢᠨ ᠬᠤᠲᠠ ᠶᠢᠨ ᠲᠣᠭᠤᠷᠢᠭ ᠢ ᠵᠠᠯᠭᠠᠯᠳᠤᠭᠤᠯᠤᠨ ᠥᠭᠡᠷᠡᠴᠢᠯᠡᠬᠦ ᠵᠡᠷᠭᠡ ᠳᠦᠷᠦᠯ ᠵᠦᠢᠯ ᠳᠡᠭᠡᠨ ᠨᠡᠶᠢᠭᠡᠮ ᠲᠣᠭᠤᠷᠢᠭ ᠤᠨ ᠠᠵᠢᠯᠯᠠᠭ᠎ᠠ ᠪᠣᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠶᠢ ᠢᠵᠢ ᠪᠦᠷᠢᠳᠦᠬᠦᠯᠦᠨ ᠪᠦᠲᠦᠭᠡᠨ ᠪᠠᠶᠢᠭᠤᠯᠬᠤ ᠲᠣᠭᠲᠠᠭᠠᠯ ᠢ ᠨᠠᠶᠢᠳᠠᠪᠤᠷᠢᠵᠢᠭᠤᠯᠵᠤ᠂ ᠰᠢᠨ᠎ᠡ ᠪᠠᠷ ᠪᠠᠶᠢᠭᠤᠯᠬᠤ ᠨᠡᠶᠢᠭᠡᠮ ᠲᠣᠭᠤᠷᠢᠭ ᠲᠤ ᠠᠵᠢᠯᠯᠠᠭ᠎ᠠ ᠪᠣᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠪᠡᠯᠡᠳᠭᠡᠮᠵᠢ ᠶᠢ ᠤᠷᠢᠳᠴᠢᠯᠠᠨ ᠦᠯᠡᠳᠡᠭᠡᠬᠦ ᠠᠰᠠᠭᠤᠳᠠᠯ ᠢ ᠲᠣᠬᠢᠲᠠᠶ ᠰᠢᠢᠳᠪᠦᠷᠢᠯᠡᠭᠰᠡᠨ ᠪᠠᠶᠢᠨ᠎ᠠ᠃

    ᠬᠤᠶᠢᠰᠢᠳᠠ᠂ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠤᠰᠢᠭᠤ ᠰᠢᠶᠠᠨ (ᠬᠤᠳᠠ᠂ ᠲᠣᠭᠤᠷᠢᠭ) ᠤ᠋ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠋ᠠᠳᠬᠠᠵᠤ᠂ ᠰᠠᠭᠤᠭᠠᠯᠢ ᠠᠷᠠᠳ ᠤᠨ ᠲᠣᠭᠤᠷᠢᠭ ᠲᠤ ᠠᠵᠢᠯᠯᠠᠭᠠᠨ ᠤ ᠣᠷᠣᠨ ᠵᠠᠶ ᠶᠢ ᠤᠷᠢᠳᠴᠢᠯᠠᠨ ᠦᠯᠡᠳᠡᠭᠡᠬᠦ ᠪᠠ ᠦᠷᠭᠡᠳᠭᠡᠵᠤ᠂ ᠰᠠᠭᠤᠭᠠᠯᠢ ᠠᠷᠠᠳ ᠤᠨ ᠤᠶᠢᠷ᠎ᠠ ᠬᠠᠪᠢ ᠳᠠᠭᠠᠨ ᠠᠵᠢᠯᠯᠠᠭ᠎ᠠ ᠦᠷᠨᠢᠬᠦᠯᠬᠦ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠨᠭ᠍ᠭᠠᠬᠤ ᠪᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121709196