蒙古文网站Logo
ᠰᠢᠨᠬᠤᠸᠠ ᠮᠤᠩᠭ᠋ᠤᠯ ᠨᠧᠲ

ᠬᠢᠩᠭ᠋ᠠᠨ ᠠᠶᠢᠮᠠᠭ ᠤᠨ ᠲᠦᠴᠢᠤᠸᠠᠨ ᠰᠢᠶᠠᠨ ᠴᠠᠬᠢᠮ ᠬᠤᠳᠠᠯᠳᠤᠭ᠎ᠠ ᠪᠡᠷ ᠶᠠᠳᠠᠭᠤ ᠶᠢ ᠲᠡᠳᠬᠦᠬᠦ ᠰᠢᠨ᠎ᠡ ᠵᠠᠭᠪᠤᠷ ᠰᠦᠪᠡᠭ᠍᠍ᠴᠢᠯᠡᠵᠤ ᠪᠤᠢ

2017-09-23 15:33

    ᠰᠢᠨᠬᠤᠸᠠ ᠮᠤᠩᠭ᠋ᠤᠯ ᠨᠧᠲ  ᠤᠯᠠᠭᠠᠨᠬᠤᠳᠠ ᠶᠢᠨ 9 ᠰᠠᠷ᠎ᠠ ᠶᠢᠨ 23 ᠤ ᠡᠳᠤᠷ ᠤᠨ ᠴᠠᠬᠢᠯᠭᠠᠨ ᠮᠡᠳᠡᠬᠡ ( ᠪᠠᠢ ᠯᠢᠩ ᠳ᠋ᠢ) ᠤᠶᠢᠷ᠎ᠠ ᠶᠢᠨ ᠵᠢᠯ ᠬᠢᠩᠭ᠋ᠠᠨ ᠠᠶᠢᠮᠠᠭ ᠤᠨ ᠲᠦᠴᠢᠤᠸᠠᠨ ᠰᠢᠶᠠᠨ ᠤᠯᠤᠰ ᠡᠴᠡ ᠴᠠᠬᠢᠮ ᠬᠤᠳᠠᠯᠳᠤᠭ᠎ᠠ ᠶᠢ ᠬᠦᠳᠡᠬᠡ ᠲᠤᠰᠬᠤᠨ ᠳᠤ ᠤᠷᠤᠭᠤᠯᠵᠤ ᠵᠢᠱᠢᠶ᠎ᠠ ᠦᠵᠡᠬᠦᠯᠬᠦ ᠰᠢᠶᠠᠨ ᠢ ᠪᠦᠲᠦᠬᠡᠨ ᠪᠠᠶᠢᠭᠤᠯᠬᠤ ᠲᠦᠷᠦ ᠶᠢᠨ ᠪᠤᠳᠤᠯᠭ᠎ᠠ ᠶᠢᠨ ᠲᠤᠬᠢᠶᠠᠯ ᠢ ᠠᠮᠵᠢᠵᠤ᠂ ᠴᠠᠬᠢᠮ ᠬᠤᠳᠠᠯᠳᠤᠭᠠᠨ ᠤ ᠦᠢᠯᠡᠴᠢᠯᠡᠬᠡ ᠪᠤᠯᠤᠨ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠶᠢ ᠪᠦᠲᠦᠮᠵᠢᠲᠡᠢ ᠤᠶᠠᠯᠳᠤᠭᠤᠯᠤᠨ᠂ ᠴᠠᠬᠢᠮ ᠬᠤᠳᠠᠯᠳᠤᠭ᠎ᠠ ᠪᠡᠷ ᠶᠠᠳᠠᠭᠤ ᠶᠢ ᠲᠡᠳᠬᠦᠬᠦ ᠰᠢᠨ᠎ᠡ ᠵᠠᠭᠪᠤᠷ ᠢ ᠡᠭᠦᠳᠦᠭᠰᠡᠨ ᠪᠠᠶᠢᠨ᠎ᠠ᠃

    《ᠲᠦᠴᠢᠤᠸᠠᠨ ᠤ ᠠᠮᠳᠠᠳᠤ ᠢᠳᠡᠬᠡᠨ》 ᠴᠠᠬᠢᠮ ᠬᠤᠳᠠᠯᠳᠤᠭᠠᠨ ᠤ ᠲᠠᠪᠴᠠᠩ ᠪᠤᠯ ᠲᠦᠴᠢᠤᠸᠠᠨ ᠰᠢᠶᠠᠨ ᠤ ᠶᠠᠳᠠᠭᠤ ᠶᠢ ᠲᠡᠳᠬᠦᠬᠦ ᠭᠤᠤᠯᠳᠠᠯᠭ᠎ᠠ ᠲᠠᠢ ᠠᠷᠭ᠎ᠠ ᠶᠢᠨ ᠨᠢᠬᠡ ᠪᠤᠯᠤᠨ᠎ᠠ᠃ ᠡᠬᠦᠨ ᠢ ᠲᠦᠴᠢᠤᠸᠠᠨ ᠰᠢᠶᠠᠨ ᠪᠡᠶᠡᠴᠢᠯᠡᠨ ᠨᠡᠬᠡᠬᠡᠵᠤ᠂ ᠲᠠᠷᠢᠶᠠᠯᠠᠩ ᠤᠨ ᠪᠦᠲᠦᠭᠡᠭ᠍ᠳᠡᠬᠦᠨ ᠢᠶᠡᠷ ᠭᠤᠤᠯ ᠪᠤᠯᠭᠠᠨ ᠤᠨᠢᠨ ᠲᠡᠭᠡᠷ᠎ᠡ  ᠨᠢ ᠶᠠᠳᠠᠭᠤ ᠶᠢ ᠲᠡᠳᠬᠦᠬᠦ ᠬᠠᠷᠠᠯᠳᠠ ᠪᠡᠷ ᠤᠳᠤᠬᠢᠴᠢᠯᠠᠭᠰᠠᠨ ᠡᠵᠡᠩᠨᠡᠯᠳᠡ ᠶᠢᠨ ᠰᠢᠨ᠎ᠠ ᠵᠠᠭᠪᠤᠷ ᠲᠤ ᠠᠭᠤᠰᠤᠯᠴᠠᠭᠤᠯᠤᠨ᠂ ᠲᠠᠷᠢᠶᠠᠴᠢᠳ ᠤᠨ ᠰᠤᠷᠬᠤ ᠳᠤ ᠬᠢᠯᠪᠡᠷ᠂ ᠦᠨ᠎ᠡ ᠲᠦᠯᠦᠪᠦᠷᠢ ᠦᠭᠡᠢ ᠠᠰᠢᠭᠯᠠᠬᠤ ᠳᠤ ᠲᠦᠬᠦᠮ ᠪᠠᠶᠢᠬᠤ ᠶᠢ ᠵᠣᠷᠢᠵᠡᠢ᠃

    《ᠲᠦᠴᠢᠤᠸᠠᠨ ᠤ ᠠᠮᠳᠠᠳᠤ ᠢᠳᠡᠬᠡᠨ》 ᠴᠠᠬᠢᠮ ᠬᠤᠳᠠᠯᠳᠤᠭᠠᠨ ᠤ ᠲᠠᠪᠴᠠᠩ ᠨᠢ ᠠᠰᠢᠭᠯᠠᠯᠳᠠ ᠳᠤ ᠤᠷᠤᠬᠰᠠᠨ ᠬᠠᠭᠠᠰ ᠵᠢᠯ ᠤᠨ ᠬᠤᠭᠤᠴᠠᠭᠠᠨ ᠳᠤ ᠲᠠᠷᠢᠶᠠᠴᠢᠳ ᠲᠤᠬᠠᠢ ᠭᠠᠵᠠᠷ ᠤᠨ ᠢᠶᠡᠨ ᠤᠨᠴᠠᠯᠢᠬᠲᠤ ᠪᠦᠲᠦᠭᠡᠭ᠍ᠳᠡᠬᠦᠨ ᠢ ᠨᠧᠲ ᠢᠶᠡᠷ ᠪᠤᠷᠤᠯᠠᠭᠤᠯᠵᠤ᠂ ᠤᠳᠤ ᠪᠤᠯᠬᠤ ᠳᠤ ᠨᠢᠬᠡᠨᠳᠡ 2000 ᠭᠠᠷᠤᠢ ᠡᠷᠦᠬᠡ ᠨᠧᠲ ᠪᠤᠶᠤ ᠸᠢᠴᠠᠲ ᠢᠶᠡᠷ ᠪᠤᠷᠤᠯᠠᠭᠤᠯᠬᠤ ᠪᠤᠯᠪᠠ᠃ ᠡᠬᠦᠨ ᠡᠴᠡ ᠭᠠᠳᠠᠨ᠎ᠠ ᠬᠤᠳᠠ ᠶᠢᠨ ᠰᠠᠭᠤᠭᠠᠯᠢ ᠢᠷᠭᠡᠳ ᠬᠦᠳᠡᠬᠡ ᠳᠤ ᠢᠷᠡᠵᠤ ᠲᠠᠷᠢᠶᠠᠴᠢᠨ ᠠᠶᠢᠯ ᠤᠨ ᠬᠠᠰᠢᠶ᠎ᠠ ᠶᠢ ᠲᠦᠷᠢᠶᠡᠰᠦᠯᠡᠨ᠂ ᠲᠠᠷᠢᠬᠤ ᠨᠤᠭᠤᠭ᠎ᠠ ᠶᠢᠨ ᠢᠶᠡᠨ ᠲᠦᠷᠦᠯ ᠢ ᠦᠪᠡᠷ ᠢᠶᠡᠨ ᠰᠤᠩᠭ᠋ᠤᠨ ᠲᠠᠷᠢᠶᠠᠴᠢᠳ ᠢᠶᠡᠷ ᠲᠠᠷᠢᠭᠤᠯᠵᠤ᠂ ᠪᠤᠯᠪᠠᠰᠤᠷᠠᠭᠰᠠᠨ ᠤ ᠬᠢᠨᠢ ᠲᠠᠷᠠᠭ᠎ᠠ ᠴᠠᠬᠢᠮ ᠬᠤᠳᠠᠯᠳᠤᠭᠠᠨ ᠤ ᠪᠤᠤᠬᠢᠶ᠎ᠠ ᠦᠢᠯᠡᠴᠢᠯᠡᠬᠡ ᠪᠡᠷ ᠬᠤᠳᠠ ᠶᠢᠨ ᠠᠶᠢᠯ ᠡᠷᠦᠬᠡ ᠳᠤ ᠬᠦᠷᠬᠡᠵᠤ ᠦ᠍ᠭ᠍ᠳᠡᠭ᠃ ᠬᠤᠳᠠ ᠶᠢᠨ ᠢᠷᠭᠡᠳ ᠬᠦᠳᠡᠬᠡ ᠳᠤ ᠢᠷᠡᠵᠤ ᠲᠠᠷᠢᠶᠠᠴᠢᠨ ᠠᠶᠢᠯ ᠤᠨ ᠠᠮᠢᠳᠤᠷᠠᠯ ᠢ ᠪᠡᠶᠡᠴᠢᠯᠡᠨ ᠲᠤᠷᠰᠢᠵᠤ ᠪᠠᠰᠠ ᠪᠤᠯᠤᠨ᠎ᠠ᠃ ᠢᠩᠬᠢᠭ᠍ᠰᠡᠨ ᠢᠶᠡᠷ ᠲᠤᠬᠠᠢ ᠶᠢᠨ ᠭᠠᠵᠠᠷ ᠤᠨ ᠶᠠᠳᠠᠭᠤ ᠬᠦᠴᠢᠷᠳᠡᠯᠲᠡᠢ ᠲᠠᠷᠢᠶᠠᠴᠢᠳ ᠬᠦᠳᠡᠬᠡ ᠠᠵᠤ ᠠᠬᠤᠢ ᠶᠢᠨ ᠪᠦᠲᠦᠭᠡ᠍ᠭ᠍ᠳᠡᠬᠦᠨ ᠢᠶᠡᠨ ᠴᠠᠬᠢᠮ ᠬᠤᠳᠠᠯᠳᠤᠭ᠎ᠠ ᠪᠡᠷ ᠪᠤᠷᠤᠯᠠᠭᠤᠯᠬᠤ ᠪᠠ ᠲᠠᠷᠢᠶᠠᠴᠢᠨ ᠠᠶᠢᠯ ᠤᠨ ᠵᠢᠭᠤᠯᠴᠢᠯᠠᠯ ᠡᠷᠬᠢᠯᠡᠬᠦ ᠪᠡᠷ ᠲᠡᠮᠵᠢᠨ ᠡᠷᠦᠬᠡ ᠪᠦᠷᠢ ᠶᠢᠨ ᠰᠠᠷ᠎ᠠ ᠶᠢᠨ ᠤᠷᠤᠯᠭ᠎ᠠ 2000 ᠲᠦᠭᠦᠷᠢᠭ᠌ ᠢ ᠲᠠᠪᠠᠪᠠ᠃

    ᠤᠶᠢᠯᠠᠭᠠᠭᠰᠠᠨ ᠢᠶᠡᠷ᠂ ᠤᠳᠤᠬᠠᠨ ᠳᠤ ᠰᠢᠶᠠᠨ ᠤ ᠬᠡᠪᠴᠢᠶᠡᠨ ᠳᠤ ᠴᠠᠬᠢᠮ ᠬᠤᠳᠠᠯᠳᠤᠭ᠎ᠠ ᠪᠡᠷ ᠶᠠᠳᠠᠭᠤ ᠶᠢ ᠲᠡᠳᠬᠦᠬᠦ  30 ᠬᠤᠰᠢᠭᠤᠴᠢ ᠠᠵᠤ ᠠᠬᠤᠶᠢᠯᠠᠯ ᠪᠤᠯᠤᠨ 258 ᠬᠤᠷᠰᠢᠶᠠᠵᠢᠯ ᠲᠠᠢ ᠪᠤᠯᠤᠬᠰᠠᠨ ᠪᠦᠬᠡᠳ ᠬᠦᠳᠡᠬᠡ ᠠᠵᠤ ᠠᠬᠤᠢ ᠶᠢᠨ ᠠᠮᠦ ᠬᠦᠨᠡᠰᠦ᠂ ᠪᠤᠷᠴᠠᠭ᠂ ᠦᠬᠡᠷ ᠬᠤᠨᠢᠨ ᠤ ᠮᠢᠬ᠎ᠠ᠂ ᠡᠪᠡᠰᠦᠨ ᠬᠦᠷᠦᠮᠡᠯ ᠵᠡᠷᠬᠡ ᠪᠦᠲᠦᠭᠡᠭ᠍ᠳᠡᠬᠦᠨ ᠢ ᠬᠠᠮᠤᠷᠴᠦ᠂ ᠨᠧᠲ ᠢᠶᠡᠷ ᠬᠤᠳᠠᠯᠳᠤᠭᠠᠯᠠᠭᠰᠠᠨ ᠦᠷᠲᠡᠭ ᠨᠢ 2000 ᠭᠠᠷᠤᠢ ᠲᠦᠮᠡᠨ ᠲᠦᠭᠦᠷᠢᠭ᠌᠌ ᠲᠤ ᠬᠦᠷᠪᠡ᠃

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121712775