蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠪᠠᠶᠠᠷ ᠳᠡᠷᠬᠡᠯ ᠰᠠᠷᠠᠨ ᠤ ᠪᠠᠶᠠᠷ ᠤᠨ ᠠᠮᠠᠷᠠᠯᠳᠠ ᠳᠤ ᠠᠵᠢᠯᠯᠠᠭᠰᠠᠳ ᠤᠨ ᠬᠦᠯᠦᠰᠦ ᠤᠯᠭᠤᠮᠵᠢ ᠬᠤᠪᠢᠷᠠᠯᠳᠠ ᠲᠠᠢ

2017-09-29 10:52

    ᠰᠢᠨᠬᠤᠧᠠ ᠬᠤᠷᠢᠶ᠎ᠠ    ᠱᠠᠩᠬᠠᠢ ᠶᠢᠨ 9 ᠰᠠᠷ᠎ᠠ ᠶᠢᠨ 28 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠵᠧᠤ ᠷᠦᠢ) ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠳᠠ ᠨᠢ ᠳᠡᠷᠬᠡᠯ ᠰᠠᠷᠠᠨ ᠤ ᠪᠠᠶᠠᠷ ᠤᠨ ᠠᠮᠠᠷᠠᠯᠳᠠ ᠲᠠᠢ ᠳᠠᠪᠬᠤᠴᠠᠭᠰᠠᠨ ᠳᠤᠯᠠ 8 ᠡᠳᠦᠷ ᠤᠨ ᠠᠮᠠᠷᠠᠯᠳᠠ ᠳᠠᠯᠪᠢᠬᠤ ᠪᠡᠷ ᠪᠤᠯᠵᠤ᠂ ᠡᠨᠡ ᠬᠤᠭᠤᠴᠠᠭᠠᠨ ᠳᠤ ᠠᠵᠢᠯᠯᠠᠭᠰᠠᠳ ᠤᠨ ᠬᠦᠯᠦᠰᠦ ᠤᠯᠭᠤᠮᠵᠢ ᠳᠤ ᠴᠤ ᠬᠤᠪᠢᠷᠠᠯᠳᠠ ᠲᠠᠢ ᠪᠤᠯᠤᠭᠰᠠᠨ ᠶᠤᠮ᠃ ᠱᠠᠩᠬᠠᠢ ᠬᠤᠳᠠ ᠶᠢᠨ ᠪᠠᠶᠢᠳᠠᠯ ᠢᠶᠡᠷ᠂ ᠬᠡᠷᠪᠡ 8 ᠡᠳᠦᠷ ᠵᠠᠯᠭᠠᠪᠠᠷ ᠠᠵᠢᠯᠯᠠᠬᠤ ᠮᠦᠷᠳᠡᠬᠡᠨ ᠳᠠᠷᠠᠭ᠎ᠠ ᠪᠡᠷ ᠪᠠᠶᠢᠭᠤᠯᠤᠯᠭ᠎ᠠ ᠡᠴᠡ ᠨᠢ ᠨᠦᠬᠦᠨ ᠠᠮᠠᠷᠠᠭᠤᠯᠬᠤ ᠦᠬᠡᠢ ᠪᠤᠯ ᠠᠳᠠᠭ ᠨᠠᠭᠠᠳᠤ ᠵᠠᠬ᠎ᠠ ᠳ᠋ᠠᠭᠠᠨ 2115 ᠳᠦᠬᠦᠷᠢᠭ᠌ ᠤᠨ ᠬᠦᠯᠦᠰᠦ ᠤᠯᠭᠤᠮᠵᠢ ᠬᠦᠷᠳᠡᠬᠦ ᠪᠤᠯᠤᠨ᠎ᠠ᠃

    《2017 ᠤᠨ ᠤ ᠬᠡᠰᠡᠭ ᠠᠮᠠᠷᠠᠯᠳᠠ ᠶᠢᠨ ᠡᠳᠦᠷ ᠤᠳ ᠢ ᠳᠤᠬᠢᠷᠠᠭᠤᠯᠤᠭᠰᠠᠨ ᠳᠤᠬᠠᠢ ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠤᠨ ᠮᠡᠳᠡᠭᠳᠡᠯ》 ᠢ ᠦᠨᠳᠦᠰᠦᠯᠡᠪᠡᠯ᠂ 10 ᠰᠠᠷ᠎ᠠ ᠶᠢᠨ 1 ᠡᠴᠡ 4 ᠪᠤᠯᠳᠠᠯ᠎ᠠ ᠤᠯᠤᠰ ᠤᠨ ᠪᠠᠶᠠᠷ ᠤᠨ ᠬᠠᠤᠯᠢ ᠶᠤᠰᠤᠨ ᠤ ᠠᠮᠠᠷᠠᠯᠳᠠ᠂ 4 ᠤ ᠡᠳᠦᠷ ᠨᠢ ᠳᠡᠷᠬᠡᠨ ᠰᠠᠷᠠᠨ ᠤ ᠪᠠᠶᠠᠷ ᠤᠨ ᠬᠠᠤᠯᠢ ᠶᠤᠰᠤᠨ ᠤ ᠠᠮᠠᠷᠠᠯᠳᠠ᠂ ᠡᠶᠢᠮᠤ ᠳᠤ ᠬᠦᠮᠦᠨ ᠬᠡᠷᠡᠭᠯᠡᠬᠦ ᠪᠠᠶᠢᠭᠤᠯᠤᠯᠭ᠎ᠠ ᠨᠢ ᠠᠵᠢᠯᠳᠠᠨ ᠳᠤᠬᠢᠷᠠᠭᠤᠯᠵᠤ ᠠᠵᠢᠯᠯᠠᠭᠤᠯᠤᠭᠰᠠᠨ ᠪᠤᠯ ᠳᠦᠷᠢᠮ ᠳᠤᠭᠳᠠᠭᠠᠯ ᠶᠤᠰᠤᠭᠠᠷ ᠡᠳᠦᠷ ᠤᠨ ᠪᠤᠶᠤ ᠴᠠᠭ ᠤᠨ ᠴᠠᠯᠢᠩ ᠤᠨ 300% ᠪᠡᠷ ᠪᠤᠳᠤᠵᠤ ᠨᠡᠮᠡᠯᠳᠡ ᠴᠠᠯᠢᠩ ᠦᠭᠬᠦ ᠬᠡᠷᠡᠭᠳᠡᠢ᠂ 5 ᠡᠴᠡ 8 ᠪᠤᠯᠳᠠᠯ᠎ᠠ ᠠᠵᠢᠯᠯᠠᠭᠤᠯᠤᠭᠰᠠᠨ ᠪᠤᠯ ᠨᠦᠬᠦᠵᠤ ᠠᠮᠠᠷᠠᠭᠤᠯᠬᠤ ᠪᠤᠶᠤ 200% ᠪᠡᠷ ᠴᠠᠯᠢᠩ ᠪᠤᠳᠤᠵᠤ ᠦᠭᠬᠦ ᠬᠡᠷᠡᠭᠳᠡᠢ ᠶᠤᠮ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121744440