蒙古文网站Logo
ᠰᠢᠨᠬᠤᠸᠠ ᠮᠤᠩᠭ᠋ᠤᠯ ᠨᠧᠲ

ᠬᠢᠯᠢ ᠲᠠᠮᠨᠠᠭᠰᠠᠨ ᠴᠠᠬᠢᠮ ᠬᠤᠳᠠᠯᠳᠤᠭᠠᠨ ᠤ ᠲᠦᠷᠭᠡᠨ ᠬᠦᠭ᠍ᠵᠢᠯᠳᠡ ᠨᠢ ᠲᠤᠮᠳᠠᠳᠤ ᠮᠤᠩᠭᠤᠯ ᠤᠷᠤᠰ ᠤᠨ ᠠᠷᠠᠯᠵᠢᠶᠠᠨ ᠤ ᠬᠠᠮᠳᠤᠷᠠᠯᠴᠠᠭ᠎ᠠ ᠳᠤ ᠰᠢᠨ᠎ᠡ ᠲᠤᠬᠢᠶᠠᠯ ᠬᠠᠩᠭᠠᠪᠠ

2017-10-09 18:50

    ᠰᠢᠨᠬᠤᠸᠠ ᠬᠤᠷᠢᠶ᠎ᠠ ᠬᠦᠬᠡᠬᠤᠳᠠ ᠶᠢᠨ 10 ᠰᠠᠷ᠎ᠠ ᠶᠢᠨ 8 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠳ᠋ᠦᠩ ᠯᠦ) ᠲᠡᠦᠬᠡᠨ ᠲᠡᠭᠡᠷ᠎ᠡ ᠲᠠᠯ᠎ᠠ ᠨᠤᠳᠤᠭ ᠤᠨ ᠲᠤᠷᠭᠠᠨ ᠤ ᠵᠠᠮ ᠤᠨ ᠴᠢᠬᠤᠯᠠ ᠦᠷᠳᠡᠬᠡ ᠬᠡᠮᠡᠭᠳᠡᠵᠤ ᠪᠠᠶᠢᠭᠰᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠷᠢᠶᠡᠨ ᠬᠤᠳᠠ᠂ ᠦᠪᠡᠷᠮᠢᠴᠨ ᠤᠷᠤᠨ ᠪᠠᠶᠢᠷᠢ ᠶᠢᠨ ᠲᠠᠪᠠᠭᠤᠯᠢᠭ ᠲᠠᠭᠠᠨ ᠲᠦᠰᠢᠭᠯᠡᠨ᠂ ᠤᠶᠢᠷ᠎ᠠ ᠳᠤ ᠭᠠᠳᠠᠭᠠᠳᠤ ᠳᠤ ᠨᠡᠬᠡᠬᠡᠯᠳᠡ ᠬᠢᠵᠤ ᠲᠤᠳᠤᠭᠠᠳᠤ ᠳᠤ ᠪᠠᠨ ᠨᠡᠪᠳᠡᠷᠡᠯᠴᠠᠬᠦ ᠬᠦᠴᠦᠯᠡᠴᠡ ᠪᠠᠨ ᠲᠠᠰᠤᠷᠠᠯᠳᠠ ᠦᠭᠡᠢ ᠦᠷᠬᠡᠳᠬᠡᠨ᠂ ᠬᠢᠯᠢ ᠲᠠᠮᠨᠠᠭᠰᠠᠨ ᠴᠠᠬᠢᠮ ᠬᠤᠳᠠᠯᠳᠤᠭᠠᠨ ᠤ 《ᠡᠺᠰᠫᠤᠷᠲ᠋ᠯᠠᠬᠤ ᠪᠡᠷ ᠭᠤᠤᠯᠯᠠᠵᠤ》 ᠪᠠᠶᠢᠭᠰᠠᠨ ᠡᠴᠡ ᠪᠠᠨ 《ᠡᠺᠰᠫᠤᠷᠲ᠋ᠯᠠᠬᠤ ᠢᠮᠫᠤᠷᠲ᠋ᠯᠠᠬᠤ ᠶᠢ ᠬᠠᠮᠳᠤ ᠳᠤᠨᠢ ᠭᠤᠤᠯᠯᠠᠬᠤ》 ᠴᠢᠭᠯᠡᠯ ᠤᠷᠤᠭᠤ ᠬᠦᠭ᠍ᠵᠢᠵᠤ᠂ ᠵᠠᠬ᠎ᠠ ᠵᠡᠬᠡᠯᠢ ᠪᠡᠨ ᠦᠷᠭᠡᠵᠢᠬᠦᠯᠦᠨ ᠬᠤᠪᠢ ᠶᠢᠨ ᠬᠠᠷᠢᠴᠠᠯ ᠢᠶᠡᠨ ᠨᠡᠮᠡᠭᠳᠡᠬᠦᠯᠦᠨ᠂ ᠧᠦ᠋ᠷᠦᠫᠡ ᠲᠢᠪ ᠤᠷᠤᠭᠤ ᠪᠦᠳᠦᠬᠡᠭ᠍ᠳᠡᠬᠦᠨ ᠡᠺᠰᠫᠤᠷᠲ᠋ᠯᠠᠬᠤ ᠶᠢ ᠲᠠᠰᠤᠷᠠᠯᠳᠠ ᠦᠭᠡᠢ ᠲᠡᠯᠡᠵᠤ ᠪᠠᠶᠢᠨ᠎ᠠ᠃

    ᠲᠤᠭ᠎ᠠ ᠪᠦᠷᠢᠳᠬᠡᠯ ᠢ ᠦᠨᠳᠦᠰᠦᠯᠡᠪᠡᠯ᠂ 2016 ᠤᠨ ᠳᠤ ᠡᠷᠢᠶᠡᠨ ᠬᠤᠳᠠ ᠶᠢᠨ ᠴᠠᠬᠢᠮ ᠬᠤᠳᠠᠯᠳᠤᠭ᠎ᠠ ᠪᠡᠷ ᠪᠤᠷᠤᠯᠠᠭᠤᠯᠤᠭᠰᠠᠨ ᠪᠦᠳᠦᠬᠡᠭ᠍ᠳᠡᠬᠦᠨ ᠨᠡᠶᠢᠳᠡ 260 ᠭᠠᠷᠤᠢ ᠲᠦᠮᠡᠨ ᠰᠢᠷᠬᠡᠭ᠌ ᠲᠤ ᠬᠦᠷᠴᠦ᠂ ᠬᠢᠯᠢ ᠳᠠᠮᠨᠠᠭᠰᠠᠨ ᠬᠡᠮᠵᠢᠶ᠎ᠡ ᠨᠢ 1000 ᠲᠤᠨ ᠢ ᠲᠠᠪᠠᠵᠤ᠂ ᠲᠤᠬᠠᠢ ᠶᠢᠨ ᠭᠠᠵᠠᠷ ᠤᠨ ᠴᠠᠬᠢᠮ ᠬᠤᠳᠠᠯᠳᠤᠭᠠᠨ ᠤ ᠦᠢᠯᠡᠰ ᠪᠤᠰᠬᠠᠨ ᠰᠢᠨ᠎ᠡ ᠶᠢ ᠡᠬᠦᠳᠬᠦ ᠳᠤ ᠰᠠᠭᠤᠷᠢ ᠲᠠᠯᠪᠢᠭᠰᠠᠨ ᠢᠶᠡᠷ ᠤᠳᠤᠬᠠᠨ ᠳᠤ ᠨᠢᠬᠡᠨᠳᠡ 20 ᠭᠠᠷᠤᠢ ᠴᠠᠬᠢᠮ ᠬᠤᠳᠠᠯᠳᠤᠭᠠᠨ ᠤ ᠺᠤᠮᠫᠠᠨᠢ ᠪᠤᠯᠤᠨ ᠬᠡᠷᠡᠭᠯᠡᠬᠡᠨ ᠤ ᠺᠤᠮᠫᠠᠨᠢ ᠡᠨᠳᠡ ᠨᠤᠳᠤᠭᠰᠢᠵᠠᠢ᠃

    ᠡᠷᠢᠶᠠᠨ ᠬᠤᠳᠠ ᠶᠢᠨ ᠬᠤᠪᠢᠷᠠᠯᠳᠠ ᠪᠤᠯ ᠲᠤᠮᠳᠠᠳᠤ ᠤᠯᠤᠰ ᠤᠨ ᠤᠯᠠᠨ ᠺᠤᠮᠫᠠᠨᠢ ᠶᠢᠨ ᠤᠨᠯᠠᠶᠢᠨ ᠴᠠᠬᠢᠮ ᠬᠤᠳᠠᠯᠳᠤᠭᠠᠨ ᠤ ᠲᠠᠪᠴᠠᠩ ᠤᠨ ᠬᠦᠭ᠍ᠵᠢᠯᠳᠡ ᠶᠢᠨ ᠬᠤᠷᠢᠶᠠᠩᠭᠤᠢ ᠲᠦᠷᠬᠦ ᠶᠤᠮ᠃ ᠤᠶᠢᠷ᠎ᠠ ᠶᠢᠨ ᠵᠢᠯ ᠤᠳ ᠲᠤ ᠲᠤᠮᠳᠠᠳᠤ ᠤᠯᠤᠰ ᠤᠨ ᠢᠨᠲ᠋ᠧᠷᠨᠧᠲ ᠠᠵᠤ ᠦᠢᠯᠡᠰ ᠤᠨ ᠮᠠᠨᠳᠤᠯᠳᠠ ᠪᠤᠯᠤᠨ ᠲᠤᠭᠠᠵᠢᠭᠰᠠᠨ ᠡᠳ᠋ ᠤᠨ ᠵᠠᠰᠠᠭ ᠤᠨ ᠬᠦᠭ᠍ᠵᠢᠯᠳᠡ ᠶᠢ ᠲᠠᠭᠠᠯᠳᠤᠨ᠂ ᠴᠦᠬᠡᠨ ᠪᠤᠰᠤ ᠺᠤᠮᠫᠠᠨᠢ ᠤᠯᠠᠮᠵᠢᠯᠠᠯᠳᠤ ᠠᠷᠠᠯᠵᠢᠶᠠᠨ ᠤ ᠲᠤᠳᠠᠭᠳᠠᠯ ᠢᠶᠡᠨ ᠨᠦᠬᠦᠪᠦᠷᠢᠯᠡᠨ᠂ ᠲᠡᠳᠡ ᠴᠠᠬᠢᠮ ᠬᠤᠳᠠᠯᠳᠤᠭ᠎ᠠ ᠶᠢ ᠠᠰᠢᠭᠯᠠᠨ ᠭᠠᠵᠠᠷ ᠤᠷᠤᠨ ᠤ ᠦᠪᠡᠷᠮᠢᠴᠠ ᠪᠦᠲᠦᠭᠡᠭ᠍ᠳᠡᠬᠦᠨ ᠢᠶᠡᠨ ᠭᠠᠳᠠᠭᠠᠳᠤ ᠶᠢᠨ ᠵᠠᠬ᠎ᠠ ᠵᠡᠬᠡᠯᠢ ᠳᠤ ᠭᠠᠷᠭᠠᠵᠤ᠂ 《ᠨᠢᠬᠡ ᠪᠦᠰᠡ ᠨᠢᠬᠡ ᠵᠠᠮ》  ᠰᠠᠨᠠᠭᠠᠴᠢᠯᠠᠭ᠎ᠠ ᠶᠢᠨ ᠳᠠᠭᠠᠤ ᠡᠺᠰᠫᠤᠷᠲ᠋ᠯᠠᠬᠤ ᠬᠠᠨᠳᠤᠰᠢ ᠢᠯᠡᠷᠬᠡᠢ ᠪᠤᠯᠵᠤ ᠪᠠᠶᠢᠨ᠎ᠠ᠃

    2016 ᠤᠨ ᠳᠤ᠂ ᠤᠯᠤᠰ ᠲᠠᠶᠠᠭᠠᠷ ᠤᠨ ᠡᠺᠰᠫᠤᠷᠲ᠋ᠯᠠᠵᠤ ᠢᠮᠫᠤᠷᠲ᠋ᠯᠠᠭᠰᠠᠨ ᠴᠠᠬᠢᠮ ᠬᠤᠳᠠᠯᠳᠤᠭᠠᠨ ᠤ ᠬᠡᠪᠴᠢᠶ᠎ᠡ ᠨᠢ 6.3 ᠲᠦᠮᠡᠨ ᠳ᠋ᠦᠩᠰᠢᠭᠤᠷ ᠲᠦᠭᠦᠷᠢᠭ᠌᠌ ᠲᠤ ᠬᠦᠷᠴᠦ᠂ ᠦᠩᠬᠡᠷᠡᠭᠰᠡᠨ ᠤᠨ ᠤ ᠮᠦᠨ ᠦᠶ᠎ᠡ ᠡᠴᠡ 23.5% ᠪᠡᠷ ᠨᠡᠮᠡᠭᠳᠡᠪᠡ᠃ ᠤᠷᠢᠳᠴᠢᠯᠠᠨ ᠲᠤᠭᠠᠴᠠᠭᠠᠯᠠᠭᠰᠠᠨ ᠢᠶᠡᠷ ᠦᠨᠦ ᠵᠢᠯ 7.5 ᠲᠦᠮᠡᠨ ᠳ᠋ᠦᠩᠰᠢᠭᠤᠷ ᠲᠦᠭᠦᠷᠢᠭ᠌᠌ ᠲᠤ ᠬᠦᠷᠤᠨ᠎ᠡ᠃ ᠬᠢᠯᠢ ᠲᠠᠮᠨᠠᠭᠰᠠᠨ ᠴᠠᠬᠢᠮ ᠬᠤᠳᠠᠯᠳᠤᠭ᠎ᠠ ᠲᠤᠮᠳᠠᠳᠤ ᠤᠯᠤᠰ ᠤᠨ ᠤᠯᠠᠨ ᠲᠤᠮᠳᠠ ᠵᠢᠵᠢᠭ᠌᠌ ᠺᠤᠮᠫᠠᠨᠢ ᠶᠢ ᠲᠤᠰᠠᠯᠠᠨ ᠤᠯᠠᠨ ᠲᠦᠷᠦᠯ ᠤᠨ ᠪᠠᠷᠠᠭ᠎ᠠ ᠲᠠᠸᠠᠷ ᠢ ᠲᠡᠯᠡᠬᠡᠢ ᠶᠢᠨ ᠵᠠᠬ᠎ᠠ ᠵᠡᠬᠡᠯᠢ ᠳᠤ ᠬᠦᠷᠬᠡᠵᠤ᠂ ᠲᠤᠮᠳᠠᠳᠤ ᠤᠯᠤᠰ ᠤᠨ ᠰᠢᠯᠢᠳᠡᠭ ᠬᠢᠮᠳᠠ ᠲᠠᠸᠠᠷ ᠢ ᠲᠡᠯᠡᠬᠡᠢ ᠶᠢᠨ ᠬᠡᠷᠡᠭᠯᠡᠭᠴᠢᠳ ᠤᠨ ᠠᠯᠠᠭᠠᠨ ᠳᠤ ᠬᠦᠷᠭᠡᠵᠤ ᠪᠤᠢ᠃

    ᠲᠤᠮᠳᠠᠳᠤ᠂ ᠮᠤᠩᠭᠤᠯ᠂ ᠤᠷᠤᠰ ᠨᠢ ᠬᠢᠯᠢ ᠲᠠᠮᠨᠠᠭᠰᠠᠨ ᠴᠠᠬᠢᠮ ᠬᠤᠳᠠᠯᠳᠤᠭᠠᠨ ᠤ ᠲᠠᠯ᠎ᠠ ᠪᠡᠷ ᠬᠠᠮᠳᠤᠷᠠᠯᠴᠠᠭᠠᠨ ᠤ ᠰᠠᠭᠤᠷᠢ ᠲᠠᠢ᠃ 《 ᠨᠢᠬᠡ ᠪᠦᠰᠡ ᠨᠢᠬᠡ ᠵᠠᠮ》  ᠰᠠᠨᠠᠭᠠᠴᠢᠯᠠᠭ᠎ᠠ ᠲᠠᠰᠤᠷᠠᠯᠳᠠ ᠦᠭᠡᠢ ᠬᠦᠨᠵᠡᠬᠡᠶᠢᠷᠡᠬᠦ ᠶᠢ ᠳᠠᠭᠠᠯᠳᠤᠨ ᠬᠢᠯᠢ ᠲᠠᠮᠨᠠᠭᠰᠠᠨ ᠴᠠᠬᠢᠮ ᠬᠤᠳᠠᠯᠳᠤᠭ᠎ᠠ ᠪᠡᠷ ᠲᠦᠯᠦᠭᠡᠯᠡᠬᠦᠯᠦᠭᠰᠡᠨ ᠲᠤᠭᠠᠵᠢᠭᠰᠠᠨ ᠠᠷᠠᠯᠵᠢᠶ᠎ᠠ ᠬᠦᠭ᠍ᠵᠢᠵᠤ ᠮᠤᠩᠭᠤᠯ᠂ ᠤᠷᠤᠰ ᠤᠨ ᠵᠠᠬ᠎ᠠ ᠵᠡᠬᠡᠯᠢ ᠲᠤᠮᠳᠠᠳᠤ ᠤᠯᠤᠰ ᠤᠨ ᠺᠤᠮᠫᠠᠨᠢ ᠳᠤ ᠠᠷᠠᠯᠵᠢᠶᠠᠨ ᠤ ᠰᠢᠨ᠎ᠡ ᠲᠤᠬᠢᠶᠠᠯ ᠠᠪᠴᠢᠷᠠᠵᠤ᠂ ᠮᠦᠨ ᠭᠤᠷᠪᠠᠨ ᠤᠯᠤᠰ ᠤᠨ ᠠᠷᠠᠯᠵᠢᠶᠠᠨ ᠤ ᠬᠠᠮᠳᠤ ᠶᠢᠨ ᠠᠵᠢᠯᠯᠠᠭᠠᠨ ᠳᠤ ᠰᠢᠨ᠎ᠡ ᠲᠤᠬᠢᠶᠠᠯ ᠤᠯᠭᠤᠵᠤ ᠪᠤᠢ ᠬᠡᠵᠤ ᠲᠤᠰᠬᠠᠢ ᠮᠡᠷᠬᠡᠵᠢᠯᠳᠡᠳ ᠦᠵᠡᠵᠤ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120691121774355