蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠯᠤᠰ ᠤᠨ ᠪᠠᠶᠠᠷ ᠲᠡᠷᠭᠡᠯ ᠰᠠᠷᠠᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ 16.5 ᠲᠦᠮᠡᠨ ᠵᠠᠮ ᠬᠠᠷᠢᠯᠴᠠᠭᠠᠨ ᠤ ᠳᠦᠷᠢᠮ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠳᠭᠡᠪᠡ

2017-10-09 17:05

    ᠰᠢᠨᠬᠤᠸᠠ ᠨᠸᠲ   ᠬᠦᠬᠡᠬᠤᠲᠠ ᠶᠢᠨ 10 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ( ᠶᠠᠩ ᠲᠡᠭᠷᠢ) ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠤᠳᠤᠭᠠᠲᠤ ᠶᠢ ᠬᠠᠮᠠᠭᠠᠯᠠᠬᠤ ᠲᠢᠩᠬᠢᠮ ᠡᠴᠡ ᠤᠶᠢᠯᠠᠭᠠᠭᠰᠠᠨ ᠢᠶᠡᠷ᠂ 9 ᠰᠠᠷ᠎ᠠ ᠶᠢᠨ 30 ᠡᠴᠡ 10 ᠰᠠᠷ᠎ᠠ ᠶᠢᠨ 8 ᠤ ᠡᠳᠦᠷ ᠪᠤᠯᠲᠠᠯ᠎ᠠ᠂ᠤᠷᠤᠨ ᠳᠠᠶᠠᠭᠠᠷ ᠨᠡᠶᠢᠲᠡ 16.5 ᠲᠦᠮᠡᠨ ᠡᠯ᠎᠎ᠠ ᠲᠦᠷᠦᠯ ᠤᠨ ᠵᠠᠮ ᠬᠠᠷᠢᠯᠴᠠᠭᠠᠨ ᠤ ᠳᠦᠷᠢᠮ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠳᠭᠡᠪᠡ᠃ ᠡᠭᠦᠨ ᠳᠤ᠂ 8956 ᠮᠠᠰᠢᠨ ᠲᠡᠷᠭᠡᠨ ᠤ ᠦᠨᠡᠮᠯᠡᠯ ᠺᠡᠷᠴᠢ ᠪᠠᠷᠢᠮᠲᠠ ᠲᠠᠢ ᠬᠤᠯᠪᠤᠭᠳᠠᠭᠰᠠᠨ ᠠᠵᠢᠯᠯᠠᠭ᠎ᠠ᠂ 132 ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠤᠭᠰᠠᠨ ᠬᠡᠷᠡᠭ᠂ 28569 ᠬᠤᠷᠳᠤ ᠬᠡᠲᠦᠷᠡᠭᠰᠡᠨ ᠠᠵᠢᠯᠯᠠᠭ᠎ᠠ ᠪᠤᠯᠤᠨ 725ᠵᠤᠷᠴᠢᠭᠴᠢᠳ ᠬᠡᠳᠦᠷᠡᠳᠦᠯ᠎ᠠ ᠳᠡᠭᠡᠭᠡᠭ᠍ᠰᠡᠨ ᠠᠵᠢᠯᠯᠠᠭ᠎ᠠ ᠶᠢ ᠪᠠᠶᠢᠴᠠᠭᠠᠨ ᠰᠢᠳᠭᠡᠵᠤ᠂ 129ᠬᠤᠷᠢᠭ᠎ᠠ ᠶᠢ ᠵᠦᠷᠢᠴᠡᠭᠰᠡᠨ ᠡᠳ᠋ ᠢ ᠪᠠᠶᠢᠴᠠᠭᠠᠨ ᠢᠯᠡᠷᠡᠭᠦᠯᠵᠠᠢ᠃

    ᠠᠮᠠᠷᠠᠯᠲᠠ ᠶᠢᠨ ᠬᠤᠭᠤᠴᠠᠭᠠᠨ ᠳᠤ᠂ ᠤᠷᠤᠨ ᠳᠠᠶᠠᠭᠠᠷ ᠨᠡᠶᠢᠲᠡ 12.9 ᠲᠦᠮᠡ ᠭᠠᠷᠤᠢ ᠴᠠᠭᠳᠠᠭ᠎ᠠ᠂ 3.7 ᠲᠦᠮᠡ ᠭᠠᠷᠤᠢ ᠴᠠᠭᠳᠠᠭᠠᠨ ᠤ ᠮᠠᠰᠢᠨ ᠬᠦᠳᠡᠯᠭᠡᠵᠤ᠂ ᠡᠯ᠎ᠠ ᠪᠦᠰᠡ ᠨᠤᠲᠤᠭ 8329 ᠬᠡᠷᠡᠭ ᠤᠨ ᠮᠡᠳᠡᠭᠦᠯᠦᠯᠲᠠ ᠲᠤᠰᠴᠠᠢ᠃ ᠡᠭᠦᠨ ᠳᠤ 1367 ᠡᠷᠡᠭᠦᠦ ᠶᠢᠨ ᠬᠡᠷᠡᠭ ᠤᠨ ᠮᠡᠳᠡᠭᠦᠯᠦᠯᠲᠡ ᠲᠤᠰᠴᠤ ᠦᠩᠭᠡᠷᠡᠭᠰᠡᠨ ᠤᠨ ᠤ ᠮᠦᠨ ᠦᠶ᠎ᠠ ᠡᠴᠡ 8.3% ᠪᠡᠷ ᠪᠠᠭᠠᠰᠴᠠᠢ᠃ 5029 ᠠᠮᠤᠷ ᠢ ᠬᠠᠮᠠᠭᠠᠯᠠᠬᠤ ᠬᠡᠷᠡᠭ ᠤᠨ ᠮᠡᠳᠡᠭᠦᠯᠦᠯᠲᠡ ᠲᠤᠰᠴᠤ ᠦᠩᠭᠡᠷᠡᠭᠰᠡᠨ ᠤᠨ ᠤ ᠮᠦᠨ ᠦᠶ᠎ᠠ ᠡᠴᠡ 4.3% ᠪᠡᠷ ᠪᠠᠭᠠᠰᠤᠭᠰᠠᠨ ᠪᠠᠶᠢᠨ᠎ᠠ᠃

    ᠡᠭᠦᠨ ᠡᠴᠡ ᠭᠠᠳᠠᠨ᠎ᠠ 10 ᠰᠠᠷ᠎ᠠ ᠶᠢᠨ 1 ᠡᠴᠡ 8 ᠤ ᠡᠳᠦᠷ ᠪᠤᠯᠲᠠᠯ᠎ᠠ᠂ ᠤᠷᠤᠨ ᠳᠠᠶᠠᠭᠠᠷ ᠲᠤ 223 ᠭᠠᠯ ᠤᠨ ᠠᠶᠤᠯ ᠭᠠᠷᠴᠤ᠂ ᠡᠨᠳᠡᠵᠤ ᠰᠢᠷᠬᠠᠳᠤᠭᠰᠠᠨ ᠬᠦᠮᠦᠨ ᠦᠭᠡᠢ᠂ ᠡᠳ᠋ ᠤᠨ ᠵᠠᠰᠠᠭ ᠤᠨ ᠰᠢᠭᠤᠳ ᠬᠤᠬᠢᠷᠠᠯ 70.75 ᠲᠦᠮᠡ ᠭᠠᠷᠤᠢ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 35% ᠪᠡᠷ ᠪᠠᠭᠤᠷᠠᠵᠠᠢ᠂ ᠬᠦᠨᠲᠤ ᠶᠡᠬᠡ ᠭᠠᠯ ᠤᠨ ᠠᠶᠤᠯ ᠭᠠᠷᠤᠭᠰᠠᠨ ᠦᠭᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121775751