蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ᠄ ᠴᠢᠰᠤ ᠨᠡᠪᠴᠢᠬᠦᠯᠤᠨ ᠢᠯᠭᠠᠷᠠᠭᠤᠯᠬᠤ ᠠᠩᠬᠠᠨ ᠤ ᠰᠤᠷᠠᠭ ᠵᠠᠩᠬᠢ ᠶᠢᠨ ᠲᠠᠪᠴᠠᠩ ᠠᠰᠢᠭᠯᠠᠯᠳᠠ ᠳᠤ ᠤᠷᠤᠪᠠ

2017-10-09 19:16

    8 ᠤ ᠡᠳᠤᠷ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ ᠶᠢᠨ ᠬᠠᠷᠢᠶᠠᠳᠤ ᠡᠮᠨᠡᠯᠬᠡ ᠡᠴᠡ ᠤᠶᠢᠯᠠᠭᠠᠭᠰᠠᠨ ᠢᠶᠡᠷ᠂ 9 ᠰᠠᠷ᠎ᠠ ᠶᠢᠨ 28 ᠤ ᠡᠳᠤᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠩᠬᠠᠨ ᠤ ᠴᠢᠰᠦ ᠨᠡᠪᠴᠢᠬᠦᠯᠤᠨ ᠢᠯᠭᠠᠷᠠᠭᠤᠯᠬᠤ ᠰᠤᠷᠠᠬ ᠵᠠᠩᠬᠢ ᠶᠢᠨ ᠲᠠᠪᠴᠠᠩ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ ᠶᠢᠨ ᠬᠠᠷᠢᠶᠠᠳᠤ ᠡᠮᠨᠡᠯᠬᠡ ᠳᠤ ᠠᠰᠢᠭᠯᠠᠯᠳᠠ ᠳᠤ ᠤᠷᠤᠪᠠ᠃ ᠡᠨᠡ ᠨᠢ ᠳᠤᠰ ᠡᠮᠨᠡᠯᠬᠡ ᠴᠢᠰᠦ ᠨᠡᠪᠴᠢᠬᠦᠯᠦᠨ ᠢᠯᠭᠠᠷᠠᠭᠤᠯᠬᠤ ᠮᠠᠰᠢᠨᠴᠢᠯᠠᠭᠰᠠᠨ ᠡᠮᠴᠢᠯᠡᠬᠡᠨ ᠤ ᠴᠠᠬ ᠦᠶ᠎ᠡ ᠳᠤ ᠤᠷᠤᠭᠰᠠᠨ ᠢ ᠬᠠᠷᠠᠭᠤᠯᠤᠨ᠎ᠠ᠃

    ᠤᠶᠢᠯᠠᠭᠠᠭᠰᠠᠨ ᠢᠶᠡᠷ᠂ ᠴᠢᠰᠤ ᠨᠡᠪᠴᠢᠬᠦᠯᠤᠨ ᠢᠯᠭᠠᠷᠠᠭᠤᠯᠤᠭᠰᠠᠨ ᠡᠪᠡᠳᠴᠢᠳᠡᠨ ᠳᠤ ᠲᠤᠰ ᠰᠢᠰᠲ᠋ᠧᠮ ᠡᠮ᠂ ᠡᠮᠴᠢ ᠶᠢᠨ ᠵᠢᠭᠠᠪᠤᠷᠢ ᠵᠡᠷᠬᠡ ᠶᠢ ᠠᠦ᠋ᠲ᠋ᠤᠮᠠᠲ ᠢᠶᠡᠷ ᠵᠤᠬᠢᠴᠠᠭᠤᠯᠳᠠᠭ᠂ ᠬᠠᠷᠢᠨ ᠡᠮᠴᠢ ᠪᠠᠶᠢᠨ ᠲᠠᠬᠢᠨ ᠢᠷᠡᠵᠤ ᠡᠨᠡᠬᠦ ᠰᠢᠰᠲ᠋ᠧᠮ ᠢ ᠠᠵᠢᠯᠯᠠᠭᠤᠯᠬᠤ ᠴᠢᠬᠤᠯᠠ ᠦᠭᠡᠢ᠃ ᠡᠬᠦᠨ ᠤ ᠬᠠᠮᠳᠤ ᠴᠢᠰᠤ ᠨᠡᠪᠴᠢᠬᠦᠯᠤᠨ ᠢᠯᠭᠠᠷᠠᠭᠤᠯᠬᠤ ᠡᠮᠴᠢᠯᠡᠬᠡᠨ ᠤ ᠠᠵᠢᠯ ᠢ ᠲᠤᠰ ᠰᠢᠰᠲ᠋ᠧᠮ ᠤᠷᠢᠳᠴᠢᠯᠠᠨ ᠲᠤᠬᠢᠷᠠᠭᠤᠯᠬᠤ ᠪᠤᠯᠬᠤᠷ ᠡᠪᠡᠳᠴᠢᠳᠡᠨ ᠦᠪᠡᠷ ᠤᠨ ᠪᠤᠳᠠᠳᠠᠢ ᠡᠮᠴᠢᠯᠡᠬᠡᠨ ᠤ ᠰᠤᠷᠠᠭ ᠵᠠᠩᠬᠢ ᠪᠠᠨ ᠤᠷᠢᠳᠴᠢᠯᠠᠨ ᠤᠶᠢᠯᠠᠭᠠᠵᠤ ᠪᠤᠯᠤᠨ᠎ᠠ᠂ ᠡᠨᠡ ᠨᠢ ᠮᠦᠨ ᠡᠪᠡᠳᠴᠢᠳᠡᠨ ᠤ ᠡᠮᠴᠢᠯᠡᠬᠡᠨ ᠤ ᠴᠠᠭ ᠲᠤ ᠬᠡᠮᠨᠡᠯ ᠲᠠᠢ᠃

ᠢᠷᠡᠯᠳᠡ᠄ ᠬᠦᠬᠡᠬᠤᠳᠠ ᠤᠷᠤᠢ ᠶᠢᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120691121776165