蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠪᠠᠶᠠᠷ ᠤᠨ ᠬᠤᠭᠤᠴᠠᠭᠠᠨ ᠳᠤ ᠤᠷᠤᠨ ᠳᠠᠶᠠᠭᠠᠷ ᠤᠨ ᠵᠠᠰᠠᠮᠠᠯ ᠵᠠᠮ ᠢᠶᠡᠷ ᠦᠩᠭᠡᠷᠡᠬᠦ ᠲᠦᠯᠦᠪᠦᠷᠢ ᠶᠢ 1.38 ᠳ᠋ᠦᠩᠰᠢᠭᠤᠷ ᠲᠦᠬᠦᠷᠢᠭ᠌ ᠬᠡᠯᠲᠦᠷᠢᠭᠦᠯᠪᠡ

2017-10-10 16:46

    ᠦᠨᠦ ᠵᠢᠯ ᠤᠨ ᠤᠯᠤᠰ ᠤᠨ ᠪᠠᠶᠠᠷ ᠤᠨ ᠬᠤᠭᠤᠴᠠᠭᠠᠨ ᠳᠤ ᠤᠷᠤᠨ ᠳᠠᠶᠠᠭᠠᠷ ᠤᠨ ᠲᠦᠯᠦᠪᠦᠷᠢ ᠬᠤᠷᠢᠶᠠᠬᠤ ᠵᠠᠰᠠᠮᠠᠯ ᠵᠠᠮ ᠢᠶᠡᠷ 545 ᠲᠦᠮᠡᠨ ᠵᠤᠷᠴᠢᠭᠴᠢᠳ ᠤᠨ ᠵᠢᠵᠢᠭ᠌ ᠬᠡᠯᠪᠡᠷᠢ ᠶᠢᠨ ᠮᠠᠰᠢᠨ ᠲᠡᠷᠭᠡ ᠶᠢ ᠲᠦᠯᠦᠪᠦᠷᠢ ᠬᠤᠷᠢᠶᠠᠬᠤ ᠦᠭᠡᠢ ᠦᠩᠭᠡᠷᠡᠭᠦᠯᠵᠤ᠂ 1.38 ᠳ᠋ᠦᠩᠰᠢᠭᠤᠷ ᠲᠦᠬᠦᠷᠢᠭ᠌ ᠤᠨ ᠲᠦᠯᠦᠪᠦᠷᠢ ᠶᠢ ᠬᠡᠯᠲᠦᠷᠢᠭᠦᠯᠪᠡ᠃ ᠡᠭᠦᠨ ᠳᠤ ᠬᠤᠷᠳᠤᠨ ᠤ ᠵᠠᠰᠠᠮᠠᠯ ᠵᠠᠮ ᠢᠶᠡᠷ 354 ᠲᠦᠮᠡᠨ ᠵᠤᠷᠴᠢᠭᠴᠢᠳ ᠤᠨ ᠵᠢᠵᠢᠭ᠌ ᠬᠡᠯᠪᠡᠷᠢ ᠶᠢᠨ ᠮᠠᠰᠢᠨ ᠲᠡᠷᠭᠡ ᠶᠢ ᠲᠦᠯᠦᠪᠦᠷᠢ ᠬᠤᠷᠢᠶᠠᠬᠤ ᠦᠭᠡᠢ ᠦᠩᠭᠡᠷᠡᠭᠦᠯᠵᠤ᠂1.1 ᠳ᠋ᠦᠩᠰᠢᠭᠤᠷ ᠲᠦᠬᠦᠷᠢᠭ᠌ ᠤᠨ ᠲᠦᠯᠦᠪᠦᠷᠢ ᠶᠢ ᠬᠡᠯᠲᠦᠷᠢᠭᠦᠯᠵᠠᠢ᠃ ᠡᠩ ᠤᠨ ᠵᠠᠰᠠᠮᠠᠯ ᠵᠠᠮ ᠢᠶᠡᠷ 191 ᠲᠦᠮᠡᠨ ᠵᠤᠷᠴᠢᠭᠴᠢᠳ ᠤᠨ ᠵᠢᠵᠢᠭ᠌ ᠬᠡᠯᠪᠡᠷᠢ ᠶᠢᠨ ᠮᠠᠰᠢᠨ ᠲᠡᠷᠭᠡ ᠶᠢ ᠲᠦᠯᠦᠪᠦᠷᠢ ᠬᠤᠷᠢᠶᠠᠬᠤ ᠦᠭᠡᠢ ᠦᠩᠭᠡᠷᠡᠭᠦᠯᠵᠤ᠂ 2700 ᠲᠦᠮᠡᠨ ᠲᠦᠬᠦᠷᠢᠭ᠌ ᠤᠨ ᠲᠦᠯᠦᠪᠦᠷᠢ ᠶᠢ ᠬᠡᠯᠲᠦᠷᠢᠭᠦᠯᠦᠭᠰᠡᠨ ᠪᠠᠶᠢᠨ᠎ᠠ᠃

    ᠲᠦᠯᠦᠪᠦᠷᠢ ᠬᠤᠷᠢᠶᠠᠬᠤ ᠦᠭᠡᠢ ᠪᠡᠷ ᠦᠩᠭᠡᠷᠡᠬᠦ ᠬᠤᠭᠤᠴᠠᠭᠠᠨ ᠳᠤ ᠦᠪᠦᠷ ᠮᠣᠩᠭᠣᠯ ᠤᠨ ᠲᠦᠯᠦᠪᠦᠷᠢ ᠬᠤᠷᠢᠶᠠᠬᠤ ᠵᠠᠰᠠᠮᠠᠯ ᠵᠠᠮ ᠤᠨ ᠬᠠᠮᠢᠶᠠᠷᠤᠯᠲᠠ ᠶᠢᠨ ᠲᠤᠪᠴᠢᠶ᠎ᠠ ᠡᠴᠡ ᠲᠦᠯᠦᠪᠦᠷᠢ ᠬᠤᠷᠢᠶᠠᠬᠤ ᠦᠷᠲᠡᠭᠡ ᠪᠡᠷ ᠦᠩᠭᠡᠷᠡᠬᠦ ᠦᠷ᠎ᠠ ᠪᠦᠲᠦᠮᠵᠢ ᠶᠢ ᠳᠡᠭᠡᠭ᠍ᠰᠢᠯᠡᠭᠦᠯᠬᠦ ᠶᠢᠨ ᠲᠤᠯᠠᠲᠠ᠂ ᠲᠦᠯᠦᠪᠦᠷᠢ ᠬᠤᠷᠢᠶᠠᠬᠤ ᠭᠠᠵᠠᠷ ᠤᠨ LED ᠳᠡᠯᠭᠡᠴᠡ ᠵᠡᠷᠭᠡ ᠵᠠᠭᠤᠴᠢ ᠪᠡᠷ ᠳᠠᠮᠵᠢᠭᠤᠯᠤᠨ ᠴᠠᠭ ᠤᠨ ᠪᠠᠶᠢᠳᠠᠯ᠂ ᠵᠠᠮ ᠬᠠᠷᠢᠯᠴᠠᠭᠠᠨ ᠤ ᠪᠠᠶᠢᠳᠠᠯ ᠵᠡᠷᠭᠡ ᠲᠤᠬᠠᠢ ᠶᠢᠨ ᠴᠠᠭ ᠤᠨ ᠰᠤᠷᠠᠭ ᠵᠠᠩᠭᠢ ᠶᠢ ᠤᠯᠠᠨ ᠲᠦᠮᠡᠨ ᠳᠤ ᠨᠡᠶᠢᠲᠡᠯᠡᠵᠤ᠂ ᠬᠦᠮᠦᠰ ᠤᠨ ᠠᠮᠤᠷ ᠲᠦᠪᠰᠢᠨ ᠠᠶᠠᠯᠠᠬᠤ ᠶᠢ ᠬᠦᠳᠦᠯᠦᠨ ᠵᠢᠯᠤᠭᠤᠳᠴᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠬᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121781629