蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 37 ᠠᠵᠤ ᠠᠬᠤᠶᠢᠯᠠᠯ ᠳᠤᠮᠳᠠᠳᠤ ᠤᠯᠤᠰ ᠤᠨ ᠠᠷᠪᠠᠨ ᠳᠦᠷᠪᠡᠳᠦᠭᠡᠷ ᠬᠤᠭᠤᠴᠠᠭᠠᠨ ᠤ《 ᠳᠤᠮᠳᠠ ᠵᠢᠵᠢᠭ᠌ ᠠᠵᠤ ᠠᠬᠤᠶᠢᠯᠠᠯ ᠤᠨ ᠶᠠᠭᠠᠷᠠᠮᠠᠭ》 ᠲᠤ ᠤᠷᠤᠯᠴᠠᠪᠠ

2017-10-12 11:48

    10 ᠰᠠᠷ᠎ᠠ ᠶᠢᠨ 10 ᠤ ᠦᠳᠡ ᠡᠴᠡ ᠡᠮᠦᠨ᠎ᠠ᠂ ᠠᠷᠪᠠᠨ ᠳᠦᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠯᠠᠨ ᠤᠯᠤᠰ ᠤᠨ ᠳᠤᠮᠳᠠ ᠵᠢᠵᠢᠭ᠌ ᠠᠵᠤ ᠠᠬᠤᠶᠢᠯᠠᠯ ᠤᠨ ᠶᠠᠭᠠᠷᠠᠮᠠᠭ ᠭᠤᠸᠠᠩᠳᠦ᠋ᠩ ᠮᠤᠵᠢ ᠶᠢᠨ ᠭᠤᠸᠠᠩᠵᠸᠤ ᠬᠤᠲᠠ ᠶᠢᠨ ᠪᠤᠤ ᠯᠢ ᠳᠡᠯᠡᠬᠡᠢ ᠶᠢᠨ ᠠᠷᠠᠯᠵᠢᠶᠠᠨ ᠤ ᠶᠠᠭᠠᠷᠠᠮᠠᠭ ᠤᠨ ᠤᠷᠳᠤᠨ ᠳᠤ ᠡᠬᠢᠯᠡᠪᠡ᠃ ᠦᠪᠦᠷ ᠮᠣᠩᠭᠣᠯ ᠡᠴᠡ 37 ᠠᠵᠤ ᠠᠬᠤᠶᠢᠯᠠᠯ ᠦᠵᠡᠰᠭᠦᠯᠡᠩ ᠳᠤ ᠤᠷᠤᠯᠴᠠᠵᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠯ᠎ᠠ ᠵᠡᠷᠭᠡᠯᠡᠯ ᠤᠨ ᠳᠤᠮᠳᠠ ᠵᠢᠵᠢᠭ᠌ ᠠᠵᠤ ᠠᠬᠤᠶᠢᠯᠠᠯ ᠤᠨ ᠭᠤᠤᠯ ᠬᠠᠮᠢᠶᠠᠷᠤᠯᠲᠠ ᠶᠢᠨ ᠰᠠᠯᠠᠭ᠎ᠠ ᠮᠦᠴᠢᠷ ᠵᠢᠴᠢ ᠳᠤᠮᠳᠠ ᠵᠢᠵᠢᠭ᠌ ᠠᠵᠤ ᠠᠬᠤᠶᠢᠯᠠᠯ ᠤᠨ ᠲᠦᠯᠦᠭᠡᠯᠡᠭᠴᠢ ᠨᠡᠶᠢᠲᠡ 160 ᠭᠠᠷᠤᠢ ᠬᠦᠮᠦᠨ ᠶᠠᠭᠠᠷᠠᠮᠠᠭ ᠲᠤ ᠤᠷᠤᠯᠴᠠᠪᠠ᠃

    ᠲᠤᠰ ᠤᠳᠠᠭᠠᠨ ᠤ ᠶᠠᠭᠠᠷᠠᠮᠠᠭ 12 ᠡᠳᠦᠷ ᠤᠨ ᠬᠤᠭᠤᠴᠠᠭ᠎ᠠ ᠲᠠᠢ ᠦᠷᠭᠦᠯᠵᠢᠯᠡᠵᠤ᠂ ᠪᠤᠤ ᠯᠢ ᠳᠡᠯᠡᠬᠡᠢ ᠶᠢᠨ ᠠᠷᠠᠯᠵᠢᠶᠠᠨ ᠤ ᠶᠠᠭᠠᠷᠠᠮᠠᠭ ᠤᠨ ᠤᠷᠳᠤᠨ ᠳᠤ 4 ᠡᠳᠦᠷ ᠶᠠᠪᠤᠭᠳᠠᠵᠤ᠂ ᠭᠤᠸᠠᠩᠳᠦ᠋ᠩ ᠤᠨ ᠲᠠᠨ ᠵᠸᠤ ᠤᠯᠠᠨ ᠤᠯᠤᠰ ᠤᠨ ᠦᠵᠡᠰᠭᠦᠯᠡᠩ ᠤᠨ ᠲᠦᠪ ᠲᠤ 8 ᠡᠳᠦᠷ ᠶᠠᠪᠤᠭᠳᠠᠨ᠎ᠠ᠃ ᠲᠤᠰ ᠶᠠᠭᠠᠷᠠᠮᠠᠭ ᠨᠢ《ᠤᠬᠠᠭᠠᠯᠢᠭ᠂ ᠤᠶᠤᠨᠴᠢ᠂ ᠤᠬᠠᠭᠠᠯᠢᠭ ᠡᠭᠦᠳᠦᠯᠲᠡ᠂ ᠡᠨ᠋ᠸᠷᠭᠢ ᠬᠡᠮᠨᠡᠬᠦ》 ᠪᠡᠷ ᠭᠤᠤᠯ ᠰᠡᠳᠦᠪ ᠢᠶᠡᠨ ᠪᠤᠯᠭᠠᠵᠤ᠂ ᠳᠤᠮᠳᠠ ᠵᠢᠵᠢᠭ᠌ ᠠᠵᠤ ᠠᠬᠤᠶᠢᠯᠠᠯ ᠳᠤ《ᠳᠡᠯᠭᠡᠬᠦ᠂ ᠠᠷᠠᠯᠵᠢᠶᠠᠯᠠᠬᠤ᠂ ᠰᠤᠯᠢᠯᠴᠠᠬᠤ᠂ ᠬᠠᠮᠤᠷᠠᠨ ᠠᠵᠢᠯᠯᠠᠬᠤ》 ᠤᠯᠠᠨ ᠤᠯᠤᠰ ᠤᠨ ᠲᠠᠪᠴᠠᠩ ᠬᠠᠩᠭ᠋ᠠᠵᠠᠢ᠃

    ᠲᠤᠰ ᠬᠤᠭᠤᠴᠠᠭᠠᠨ ᠤ ᠶᠠᠭᠠᠷᠠᠮᠠᠭ ᠲᠤ ᠦᠪᠦᠷ ᠮᠣᠩᠭᠣᠯ 16 ᠦᠵᠡᠰᠭᠦᠯᠡᠩ ᠤᠨ ᠪᠠᠶᠢᠷᠢ ᠲᠠᠢ᠂ ᠵᠠᠳᠠᠷᠠᠳᠠᠭ ᠬᠤᠭᠤᠯᠠᠨ ᠤ ᠬᠡᠷᠡᠭᠰᠡᠯ᠂ ᠴᠠᠭᠠᠨ ᠢᠳᠡᠭᠡ᠂ ᠦᠵᠦᠮ ᠤᠨ ᠠᠷᠢᠬᠢ᠂ ᠨᠤᠤᠰᠤᠨ ᠬᠠᠨᠲᠠᠭᠠᠰᠤ ᠵᠡᠷᠭᠡ ᠪᠠᠶᠢᠭᠠᠯᠢ ᠤᠷᠴᠢᠨ ᠢ ᠬᠠᠮᠠᠭᠠᠯᠠᠬᠤ ᠰᠢᠨ᠎ᠠ ᠮᠠᠲ᠋ᠸᠷᠢᠶᠠᠯ ᠪᠤᠯᠤᠨ ᠲᠠᠯ᠎ᠠ ᠨᠤᠲᠤᠭ ᠤᠨ ᠤᠨᠴᠠᠯᠢᠭᠲᠤ ᠪᠦᠲᠦᠭᠡᠭ᠍ᠲᠡᠬᠦᠨ  ᠢ ᠲᠦᠪᠯᠡᠷᠡᠭᠦᠯᠦᠨ ᠦᠵᠡᠭᠦᠯᠬᠦ ᠶᠤᠮ ᠪᠠᠶᠢᠨ᠎ᠠ᠃ ᠦᠵᠡᠰᠭᠦᠯᠡᠩ ᠤᠨ ᠬᠤᠭᠤᠴᠠᠭᠠᠨ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠤᠮᠳᠠ ᠵᠢᠵᠢᠭ᠌ ᠠᠵᠤ ᠠᠬᠤᠶᠢᠯᠠᠯ ᠤᠨ ᠲᠤᠪᠴᠢᠶ᠎ᠠ ᠡᠴᠡ ᠦᠪᠦᠷ ᠮᠣᠩᠭᠣᠯ ᠤᠨ ᠲᠦᠯᠦᠭᠡᠯᠡᠬᠦ ᠪᠠᠭ ᠤᠨ ᠬᠢᠨ ᠢ ᠵᠤᠬᠢᠶᠠᠨ ᠪᠠᠶᠢᠭᠤᠯᠵᠤ《ᠳᠤᠮᠳᠠᠳᠤ ᠤᠯᠤᠰ ᠤᠨ ᠳᠤᠮᠳᠠ ᠵᠢᠵᠢᠭ᠌ ᠠᠵᠤ ᠠᠬᠤᠶᠢᠯᠠᠯ ᠤᠨ ᠲᠡᠭᠡᠲᠤ ᠲᠦᠪᠰᠢᠨ ᠤ ᠹᠤᠷᠦ᠋ᠮ》《2017 ᠤᠨ ᠤ ᠡᠭᠦᠳᠦᠭᠴᠢ ᠳᠤᠮᠳᠠᠳᠤ ᠤᠯᠤᠰ ᠤᠨ ᠰᠢᠨ᠎ᠠ ᠶᠢ ᠡᠭᠦᠳᠴᠤ ᠦᠢᠯᠡᠰ ᠪᠤᠰᠬᠠᠬᠤ ᠤᠷᠤᠯᠳᠤᠭᠠᠨ ᠵᠢᠴᠢ ᠴᠤᠪᠤᠷᠠᠯ ᠠᠵᠢᠯᠯᠠᠭ᠎ᠠ》《 ᠳᠤᠮᠳᠠ ᠵᠢᠵᠢᠭ᠌ ᠠᠵᠤ ᠠᠬᠤᠶᠢᠯᠠᠯ ᠤᠨ ᠬᠢᠯᠢ ᠳᠠᠮᠨᠠᠵᠤ ᠵᠤᠯᠭᠠᠯᠴᠠᠨ ᠬᠡᠯᠡᠯᠴᠡᠬᠦ ᠬᠤᠷᠠᠯ》《ᠠᠽᠢᠶ᠎ᠠ ᠡᠸᠦ᠋ᠷᠦᠫᠠ ᠶᠢᠨ ᠬᠤᠷᠠᠯ ᠤᠨ ᠳᠤᠮᠳᠠ ᠵᠢᠵᠢᠭ᠌ ᠠᠵᠤ ᠠᠬᠤᠶᠢᠯᠠᠯ ᠤᠨ ᠰᠠᠩ ᠬᠦᠤᠵᠢᠭᠦᠯᠬᠦ ᠶᠢ ᠰᠤᠳᠤᠯᠤᠨ ᠶᠠᠷᠢᠯᠴᠠᠬᠤ ᠬᠤᠷᠠᠯ》《ᠨᠢᠭᠡ ᠪᠦᠰᠡ ᠨᠢᠭᠡ ᠵᠠᠮ ᠲᠤᠰᠬᠠᠢ ᠰᠡᠳᠦᠪᠲᠤ ᠠᠵᠢᠯᠯᠠᠭ᠎ᠠ 2017 ᠭᠤᠸᠠᠩᠳᠦ᠋ᠩ ᠢᠶᠡᠷ ᠠᠶᠠᠯᠠᠬᠤ-- ᠠᠹᠷᠢᠺᠡ ᠲᠢᠪ ᠲᠤ ᠬᠦᠷᠬᠦ ᠴᠤᠪᠤᠷᠠᠯ ᠠᠵᠢᠯᠯᠠᠭ᠎ᠠ》 ᠵᠡᠷᠭᠡ ᠠᠵᠢᠯᠯᠠᠭ᠎ᠠ ᠳᠤ ᠤᠷᠤᠯᠴᠠᠭᠤᠯᠬᠤ ᠪᠡᠷ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121792048