蒙古文网站Logo
ᠰᠢᠨᠬᠤᠸᠠ ᠮᠤᠩᠭ᠋ᠤᠯ ᠨᠧᠲ

ᠮᠣᠩᠭᠣᠯ ᠬᠡᠪᠯᠡᠯ ᠤᠨ ᠭᠤᠷᠪᠠᠨ ᠲᠦᠷᠦᠯ ᠤᠨ ᠭᠠᠵᠠᠷ ᠤᠨ ᠵᠢᠷᠤᠭ ᠬᠦᠷᠭᠡᠬᠦ ᠶᠤᠰᠤᠯᠠᠯ ᠶᠠᠪᠤᠭᠳᠠᠪᠠ

2017-10-13 16:13

    10 ᠰᠠᠷ᠎ᠠ ᠶᠢᠨ 11 ᠤ ᠡᠳᠦᠷ᠂ ᠤᠯᠤᠰ ᠤᠨ ᠬᠡᠮᠵᠢᠨ ᠵᠢᠷᠤᠭᠯᠠᠯᠲᠠ ᠭᠠᠵᠠᠷ ᠵᠦᠢ ᠶᠢᠨ ᠰᠤᠷᠠᠭ ᠵᠠᠩᠭᠢ ᠶᠢᠨ ᠲᠤᠪᠴᠢᠶ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠤᠲᠤᠭ ᠲᠡᠪᠢᠰᠭᠡᠷ ᠤᠨ ᠡᠬᠢ ᠪᠠᠶᠠᠯᠢᠭ ᠤᠨ ᠲᠢᠩᠬᠢᠮ ᠪᠤᠯᠤᠨ ᠦᠪᠦᠷ ᠮᠣᠩᠭᠣᠯ ᠤᠨ ᠦᠪᠡᠷᠲᠡᠭᠡᠨ ᠵᠠᠰᠬᠠᠤ ᠤᠷᠤᠨ ᠤ ᠬᠡᠮᠵᠢᠨ ᠵᠢᠷᠤᠭᠯᠠᠯᠲᠠ ᠭᠠᠵᠠᠷ ᠵᠦᠢ ᠶᠢᠨ  ᠰᠤᠷᠠᠭ ᠵᠠᠩᠭᠢ ᠶᠢᠨ ᠲᠤᠪᠴᠢᠶ᠎ᠠ ᠡᠴᠡ ᠬᠠᠮᠳᠤᠷᠠᠨ ᠵᠤᠬᠢᠶᠠᠨ ᠪᠠᠶᠢᠭᠤᠯᠤᠭᠰᠠᠨ《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠮᠣᠩᠭᠣᠯ ᠬᠡᠪᠯᠡᠯ ᠤᠨ ᠭᠠᠵᠠᠷ ᠤᠨ ᠵᠢᠷᠤᠭ ᠬᠦᠷᠭᠡᠬᠦ ᠶᠤᠰᠤᠯᠠᠯ》 ᠦᠪᠦᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ ᠳᠤ ᠶᠠᠪᠤᠭᠳᠠᠪᠠ᠃

    ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠡᠴᠡ ᠭᠠᠵᠠᠷ ᠤᠨ ᠵᠢᠷᠤᠭ ᠪᠤᠯᠤᠨ ᠤᠯᠤᠰ ᠤᠨ ᠨᠤᠲᠤᠭ ᠲᠡᠪᠢᠰᠭᠡᠷ ᠤᠨ ᠤᠬᠠᠮᠰᠠᠷ ᠤᠨ ᠤᠬᠠᠭᠤᠯᠭ᠎ᠠ ᠰᠤᠷᠭᠠᠨ ᠬᠦᠮᠦᠵᠢᠯ ᠤᠨ ᠠᠵᠢᠯᠯᠠᠭ᠎ᠠ ᠶᠢ ᠴᠢᠬᠤᠯᠠᠴᠢᠯᠠᠵᠤ ᠪᠤᠢ᠃ ᠭᠠᠵᠠᠷ ᠤᠨ ᠵᠢᠷᠤᠭ ᠪᠤᠯᠤᠨ ᠤᠯᠤᠰ ᠤᠨ ᠨᠤᠲᠤᠭ ᠲᠡᠪᠢᠰᠭᠡᠷ ᠤᠨ ᠮᠡᠳᠡᠯᠭᠡ ᠶᠢ ᠤᠯᠠᠮᠵᠢᠯᠠᠬᠤ ᠪᠠ ᠭᠠᠵᠠᠷ ᠤᠨ ᠵᠢᠷᠤᠭ ᠤᠨ ᠨᠡᠶᠢᠲᠡ ᠶᠢᠨ ᠦᠢᠯᠡᠴᠢᠯᠡᠭᠡ ᠶᠢ ᠢᠳᠡᠪᠬᠢᠲᠠᠢ ᠬᠠᠩᠭ᠋ᠠᠬᠤ ᠶᠢᠨ ᠳᠦᠯᠦᠭᠡ᠂ ᠤᠯᠤᠰ ᠤᠨ ᠬᠡᠮᠵᠢᠨ ᠵᠢᠷᠤᠭᠯᠠᠯᠲᠠ ᠭᠠᠵᠠᠷ ᠵᠦᠢ ᠶᠢᠨ ᠰᠤᠷᠠᠭ ᠵᠠᠩᠭᠢ ᠶᠢᠨ ᠲᠤᠪᠴᠢᠶ᠎ᠠ ᠡᠯ᠎ᠠ ᠲᠦᠷᠦᠯ ᠤᠨ ᠲᠤᠰᠬᠠᠢ ᠮᠡᠷᠭᠡᠵᠢᠯᠲᠡᠨ ᠢ ᠵᠤᠬᠢᠶᠠᠨ ᠪᠠᠶᠢᠭᠤᠯᠵᠤ ᠵᠢᠯ ᠭᠠᠷᠤᠢ ᠶᠢᠨ ᠬᠤᠭᠤᠴᠠᠭ᠎ᠠ ᠬᠡᠷᠡᠭᠰᠡᠨ ᠮᠣᠩᠭᠣᠯ ᠬᠡᠪᠯᠡᠯ ᠤᠨ《ᠳᠡᠯᠡᠬᠡᠢ ᠶᠢᠨ ᠭᠠᠵᠠᠷ ᠤᠨ ᠵᠢᠷᠤᠭ》《ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠤᠨ ᠵᠢᠷᠤᠭ》 ᠪᠤᠯᠤᠨ《ᠦᠪᠦᠷ ᠮᠣᠩᠭᠣᠯ ᠤᠨ ᠦᠪᠡᠷᠲᠡᠭᠡᠨ ᠵᠠᠰᠬᠠᠤ ᠤᠷᠤᠨ ᠤ ᠭᠠᠵᠠᠷ ᠤᠨ ᠵᠢᠷᠤᠭ》 ᠢ᠋ ᠵᠢᠷᠤᠵᠦ ᠭᠠᠷᠭᠠᠪᠠ᠃ ᠡᠨᠡ ᠨᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠦᠬᠡᠨ ᠲᠤᠭᠠᠲᠤ ᠦᠨᠳᠦᠰᠦᠲᠡᠨ ᠤ ᠭᠠᠵᠠᠷ ᠤᠨ ᠨᠡᠷ᠎ᠠ ᠶᠢ ᠳ᠋ᠠᠶᠢᠲ᠋ᠠ ᠶᠢᠨ ᠰᠠᠩ ᠳᠤ ᠡᠮᠬᠢᠳᠭᠡᠬᠦ ᠴᠢᠬᠤᠯᠠ ᠲᠡᠤᠬᠡ ᠶᠢᠨ ᠪᠠ ᠠᠬᠤᠶᠢᠴᠢ ᠠᠴᠢ ᠬᠤᠯᠪᠤᠭᠳᠠᠯ ᠲᠠᠢ᠃

    ᠲᠤᠰ ᠤᠳᠠᠭᠠᠨ ᠤ ᠠᠵᠢᠯᠯᠠᠭ᠎ᠠ ᠳ᠋ᠤ ᠦᠪᠦᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ᠂ ᠮᠣᠩᠭᠣᠯ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ᠂ ᠴᠡᠴᠡᠷᠯᠢᠭ᠌ ᠪᠤᠯᠤᠨ ᠪᠤᠰᠤᠳ ᠦᠨᠳᠦᠰᠦᠲᠡᠨ ᠱᠠᠲᠤᠨ ᠤ ᠨᠡᠶᠢᠭᠡᠮ ᠲᠤᠭᠤᠷᠢᠭ᠂ ᠦᠪᠦᠷ ᠮᠣᠩᠭᠣᠯ ᠤᠨ ᠡᠯ᠎ᠠ ᠬᠡᠪᠯᠡᠯ ᠮᠡᠳᠡᠭᠡᠯᠡᠯ ᠤᠨ ᠬᠢᠨ ᠳᠤ 3000 ᠬᠤᠪᠢ ᠮᠣᠩᠭᠣᠯ ᠭᠠᠵᠠᠷ ᠤᠨ ᠵᠢᠷᠤᠭ ᠬᠦᠷᠭᠡᠪᠡ᠃ ᠡᠨᠡ ᠨᠢ ᠮᠣᠩᠭᠣᠯ ᠦᠨᠳᠦᠰᠦᠲᠡᠨ ᠤ ᠠᠬᠠᠨ ᠲᠡᠭᠦᠤᠰ ᠤᠨ ᠮᠣᠩᠭᠣᠯ ᠭᠠᠵᠠᠷ ᠤᠨ ᠵᠢᠷᠤᠭ ᠤᠨ ᠪᠠᠴᠢᠮ ᠱᠠᠭᠠᠷᠳᠠᠯᠭ᠎ᠠ ᠶᠢ ᠬᠠᠩᠭ᠋ᠠᠬᠤ ᠪᠠ ᠨᠤᠲᠤᠭ ᠲᠡᠪᠢᠰᠭᠡᠷ ᠤᠨ ᠮᠡᠳᠡᠯᠭᠡ ᠦᠪᠦᠷ ᠮᠣᠩᠭᠣᠯ ᠤᠨ ᠶᠡᠬᠡ ᠳᠤᠮᠳᠠᠳᠤ ᠪᠠᠭ᠎ᠠ ᠰᠤᠷᠭᠠᠭᠤᠯᠢ ᠶᠢᠨ ᠤᠬᠠᠭᠤᠯᠭ᠎ᠠ ᠶᠢᠨ ᠵᠢᠭᠠᠨ ᠰᠤᠷᠭᠠᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121800016