蒙古文网站Logo
ᠰᠢᠨᠬᠤᠸᠠ ᠮᠤᠩᠭ᠋ᠤᠯ ᠨᠧᠲ

ᠦᠨᠦ ᠵᠢᠯ ᠦᠪᠦᠷ ᠮᠣᠩᠭᠣᠯ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ ᠲᠡᠢ ᠪᠦᠲᠦᠭᠡᠭ᠍ᠲᠡᠬᠦᠨ ᠢ ᠪᠦᠷᠢᠳᠭᠡᠬᠦ ᠠᠵᠢᠯ ᠢ ᠠᠮᠵᠢᠯᠲᠠ ᠲᠠᠢ ᠪᠡᠶᠡᠯᠡᠭᠦᠯᠪᠡ

2017-10-13 16:14

    ᠰᠤᠷᠪᠤᠯᠵᠢᠯᠠᠭᠴᠢ 11 ᠤ ᠡᠳᠦᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠤᠨ ᠮᠠᠰᠢᠨ ᠲᠦᠬᠡᠮᠡᠯᠵᠢᠬᠦᠯᠦᠨ ᠳᠡᠯᠭᠡᠷᠡᠭᠦᠯᠬᠦ ᠦᠷᠲᠡᠭᠡᠨ ᠡᠴᠡ ᠤᠶᠢᠯᠠᠭᠠᠭᠰᠠᠨ ᠢᠶᠡᠷ᠂ ᠦᠨᠦ ᠵᠢᠯ ᠦᠪᠦᠷ ᠮᠣᠩᠭᠣᠯ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ ᠲᠡᠢ ᠪᠦᠲᠦᠭᠡᠭ᠍ᠲᠡᠬᠦᠨ ᠢ ᠪᠦᠷᠢᠳᠭᠡᠬᠦ ᠠᠵᠢᠯ ᠢ 9 ᠰᠠᠷ᠎ᠠ ᠶᠢᠨ ᠰᠡᠭᠦᠯᠴᠢ ᠳᠤ ᠠᠮᠵᠢᠯᠲᠠ ᠲᠠᠢ ᠪᠡᠶᠡᠯᠡᠭᠦᠯᠪᠡ᠂ ᠡᠨᠡᠬᠦ ᠠᠵᠢᠯ ᠨᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠳᠤ ᠰᠠᠭᠤᠷᠢ ᠲᠠᠯᠪᠢᠪᠠ᠃

    ᠲᠤᠰ ᠤᠳᠠᠭᠠᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠦᠷᠢ ᠲᠡᠢ ᠪᠦᠲᠦᠭᠡᠭ᠍ᠲᠡᠬᠦᠨ  ᠢ ᠪᠦᠷᠢᠳᠭᠡᠬᠦ ᠠᠵᠢᠯ 3 ᠰᠠᠷ᠎ᠠ ᠡᠴᠡ ᠡᠬᠢᠯᠡᠨ 9 ᠰᠠᠷ᠎ᠠ ᠶᠢᠨ ᠰᠡᠭᠦᠯᠴᠢ ᠪᠡᠷ ᠳᠠᠭᠤᠰᠴᠠᠢ᠃ ᠡᠨᠡᠬᠦ ᠬᠤᠭᠤᠴᠠᠭᠠᠨ ᠳᠤ ᠦᠪᠦᠷ ᠮᠣᠩᠭᠣᠯ ᠨᠡᠶᠢᠲᠡ ᠲᠦᠷᠪᠡᠨ ᠡᠭᠡᠯᠵᠢ ᠶᠢᠨ ᠨᠦᠬᠦᠪᠦᠷᠢ ᠲᠡᠢ ᠪᠦᠲᠦᠭᠡᠭ᠍ᠲᠡᠬᠦᠨ ᠢ ᠪᠦᠷᠢᠳᠭᠡᠪᠠ᠂ ᠡᠭᠦᠨ ᠳᠤ ᠲᠦᠪ ᠤᠨ ᠬᠦᠷᠦᠩᠭᠡ ᠮᠦᠩᠭᠦᠨ ᠤ ᠨᠦᠬᠦᠪᠦᠷᠢ ᠲᠡᠢ  ᠪᠦᠲᠦᠭᠡᠭ᠍ᠲᠡᠬᠦᠨ ᠢ ᠭᠤᠷᠪᠠ ᠤᠳᠠᠭ᠎ᠠ ᠪᠦᠷᠢᠳᠭᠡᠵᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠷᠦᠩᠭᠡ ᠮᠦᠩᠭᠦᠨ ᠤ ᠨᠦᠬᠦᠪᠦᠷᠢ ᠲᠡᠢ  ᠪᠦᠲᠦᠭᠡᠭ᠍ᠲᠡᠬᠦᠨ ᠢ ᠨᠢᠭᠡ ᠤᠳᠠᠭ᠎ᠠ ᠪᠦᠷᠢᠳᠭᠡᠭ᠍ᠰᠡᠨ ᠪᠠᠶᠢᠨ᠎ᠠ᠃ ᠲᠦᠷᠪᠡ ᠤᠳᠠᠭᠠᠨ ᠤ ᠪᠦᠷᠢᠳᠭᠡᠬᠦ ᠪᠡᠷ ᠳᠠᠮᠵᠢᠨ 1200 ᠤᠷᠴᠢᠮ ᠠᠵᠤ ᠠᠬᠤᠶᠢᠯᠠᠯ ᠡᠴᠡ 10000 ᠪᠦᠲᠦᠭᠡᠭ᠍ᠲᠡᠬᠦᠨ ᠢ ᠮᠡᠳᠡᠭᠦᠯᠪᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121800026