蒙古文网站Logo
ᠰᠢᠨᠬᠤᠸᠠ ᠮᠤᠩᠭ᠋ᠤᠯ ᠨᠧᠲ

12340 ᠬᠠᠯᠠᠮᠵᠢ ᠶᠢᠨ ᠤᠳᠠᠰᠤ ᠶᠢ ᠪᠢᠲᠡᠭᠡᠢ ᠲᠠᠰᠤᠯᠠᠭᠠᠷᠠᠢ

2017-10-17 16:34

    ᠰᠢᠨᠬᠤᠸᠠ ᠬᠤᠷᠢᠶ᠎ᠠ   ᠬᠦᠬᠡᠬᠤᠲᠠ ᠶᠢᠨ 10 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ( ᠰᠤᠷᠪᠤᠯᠵᠢᠯᠠᠭᠴᠢ ᠵᠠᠩ ᠯᠢ ᠨᠠ) 《12340》 ᠪᠤᠯ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ ᠡᠴᠡ ᠤᠯᠤᠰ ᠳᠠᠶᠠᠭᠠᠷ ᠤᠨ ᠨᠡᠶᠢᠭᠡᠮ ᠤᠨ ᠪᠠᠶᠢᠳᠠᠯ ᠢᠷᠭᠡᠳ ᠤᠨ ᠰᠠᠨᠠᠯ ᠢ ᠪᠠᠶᠢᠴᠠᠭᠠᠬᠤ ᠠᠵᠢᠯ ᠢ ᠵᠢᠷᠤᠮᠵᠢᠭᠤᠯᠬᠤ᠂ ᠨᠡᠶᠢᠭᠡᠮ ᠤᠨ ᠪᠠᠶᠢᠳᠠᠯ ᠢᠷᠭᠡᠳ ᠤᠨ ᠰᠠᠨᠠᠯ ᠢ ᠪᠠᠶᠢᠴᠠᠭᠠᠬᠤ ᠠᠵᠢᠯ ᠢ ᠲᠦᠭᠡᠮᠡᠯᠵᠢᠭᠦᠯᠬᠦ ᠳᠤ ᠵᠤᠷᠢᠭᠤᠯᠤᠬᠰᠠᠨ ᠤᠲᠠᠰᠤ ᠮᠦᠨ᠃ 《ᠲᠠᠨ ᠳᠤ 12340 ᠨᠤᠮᠸᠷ ᠵᠠᠯᠭᠠᠭᠳᠠᠬᠤ ᠦᠶᠡᠰ ᠤᠲᠠᠰᠤ ᠪᠡᠨ ᠪᠢᠲᠡᠭᠡᠢ ᠲᠠᠰᠤᠯᠠᠭᠠᠷᠠᠢ》 ᠬᠡᠮᠡᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶᠠᠨ ᠤ ᠨᠡᠶᠢᠭᠡᠮ ᠤᠨ ᠪᠠᠶᠢᠳᠠᠯ ᠢᠷᠭᠡᠳ ᠤᠨ ᠰᠠᠨᠠᠯ ᠢ ᠪᠠᠶᠢᠴᠠᠭᠠᠬᠤ ᠲᠦᠪ ᠤᠨ ᠡᠷᠬᠢᠯᠡᠭᠴᠢ ᠵᠦ ᠵᠢᠦ ᠼᠠᠢ ᠶᠠᠷᠢᠯ᠎ᠠ᠃

    ᠤᠶᠢᠯᠠᠭᠠᠭᠰᠠᠨ ᠢᠶᠡᠷ᠂ ᠨᠡᠶᠢᠭᠡᠮ ᠤᠨ ᠪᠠᠶᠢᠳᠠᠯ ᠢᠷᠭᠡᠳ ᠤᠨ ᠰᠠᠨᠠᠯ ᠢ ᠪᠠᠶᠢᠴᠠᠭᠠᠬᠤ᠂ ᠬᠠᠯᠠᠮᠵᠢ ᠶᠢᠨ ᠴᠢᠨᠠᠷ ᠪᠠ ᠨᠡᠶᠢᠲᠡ ᠶᠢᠨ ᠢᠳᠡᠭᠡᠮᠵᠢ ᠶᠢ ᠴᠢᠩᠭ᠋ᠠᠳᠬᠠᠬᠤ ᠶᠢᠨ ᠲᠦᠯᠦᠭᠡ ᠤᠨᠴᠠᠭᠠᠶᠢᠯᠠᠨ ᠲᠤᠬᠢᠷᠠᠭᠤᠯᠤᠭᠰᠠᠨ ᠤᠯᠤᠰ ᠳᠠᠶᠠᠭᠠᠷ ᠤᠨ ᠨᠢᠭᠡᠳᠦᠯᠳᠡᠢ ᠳ᠋ᠤᠭᠠᠷ《12340》ᠤᠲᠠᠰᠤ ᠶᠢ  ᠤᠯᠤᠰ ᠤᠨ ᠠᠵᠤ ᠦᠢᠯᠡᠳᠪᠦᠷᠢ ᠪᠤᠯᠤᠨ ᠰᠤᠷᠠᠭ ᠵᠠᠩᠭᠢᠵᠢᠯᠲᠠ ᠶᠢᠨ ᠶᠠᠮᠤᠨ ᠡᠴᠡ ᠲᠤᠬᠢᠷᠠᠭᠤᠯᠤᠨ ᠬᠤᠯᠪᠤᠵᠤ ᠂ ᠡᠯ᠎᠎ᠡ ᠱᠠᠲᠤᠨ ᠤ ᠲᠤᠭ᠎ᠠ ᠪᠦᠷᠢᠳᠭᠡᠯ ᠤᠨ ᠲᠤᠪᠴᠢᠶᠠᠨ ᠤ ᠨᠡᠶᠢᠭᠡᠮ ᠤᠨ ᠪᠠᠶᠢᠳᠠᠯ ᠢᠷᠭᠡᠳ ᠤᠨ ᠰᠠᠨᠠᠯ ᠢ ᠪᠠᠶᠢᠴᠠᠭᠠᠬᠤ ᠪᠠᠶᠢᠭᠤᠯᠤᠮᠵᠢ ᠨᠤᠭᠤᠳ ᠲᠤ ᠤᠯᠤᠰ ᠳᠠᠶᠠᠭᠠᠷ ᠤᠨ ᠬᠡᠪᠴᠢᠶᠠᠨ ᠳᠤ ᠬᠡᠷᠡᠭᠯᠡᠭᠦᠯᠬᠦ ᠪᠤᠯᠤᠨ᠎ᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ 2016 ᠤᠨ ᠤ 10 ᠰᠠᠷ᠎ᠠ ᠳᠤ ᠨᠡᠶᠢᠭᠡᠮ ᠤᠨ ᠪᠠᠶᠢᠳᠠᠯ ᠢᠷᠭᠡᠳ ᠤᠨ ᠰᠠᠨᠠᠯ ᠢ ᠪᠠᠶᠢᠴᠠᠭᠠᠬᠤ ᠪᠠᠶᠢᠭᠤᠯᠤᠮᠵᠢ ᠪᠤᠯᠤᠨ ᠬᠠᠷᠢᠯᠴᠠᠬᠤ ᠤᠲᠠᠰᠤ12 ᠠᠶᠢᠮᠠᠭ ᠬᠤᠲᠠ ᠶᠢ ᠨᠢᠭᠡᠨᠲᠡ ᠪᠦᠷᠬᠦᠪᠠ᠃ ᠲᠤᠰ ᠲᠦᠪ ᠵᠢᠯ ᠪᠦᠷᠢ ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠨᠡᠶᠢᠭᠡᠮ ᠤᠨ ᠪᠠᠶᠢᠳᠠᠯ ᠢᠷᠭᠡᠳ ᠤᠨ ᠰᠠᠨᠠᠯ ᠢ ᠪᠠᠶᠢᠴᠠᠭᠠᠬᠤ ᠲᠦᠪ ᠪᠤᠯᠤᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠤᠯᠠᠨ ᠬᠦᠨᠲᠤ ᠴᠢᠬᠤᠯᠠ ᠲᠦᠰᠦᠯ ᠢ ᠲᠤᠰᠬᠤ ᠶᠢᠨ ᠬᠠᠮᠲᠤ ᠪᠤᠳᠠᠳᠠᠢ ᠲᠠᠢ ᠤᠶᠠᠯᠳᠤᠭᠤᠯᠤᠨ ᠢᠷᠭᠡᠳ ᠤᠨ ᠠᠩᠬᠠᠷᠴᠤ ᠪᠤᠢ ᠠᠰᠠᠭᠤᠳᠠᠯ ᠪᠠ ᠨᠡᠶᠢᠭᠡᠮ ᠤᠨ ᠬᠠᠯᠠᠮᠰᠢᠷᠠᠯ ᠴᠡᠭ ᠲᠤ ᠪᠠᠶᠢᠴᠠᠭᠠᠯᠲᠠ ᠬᠢᠳᠡᠭ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121816751