蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠨᠠᠮᠤᠷ ᠤᠨ ᠤᠯᠠᠷᠢᠯ ᠤᠨ ᠴᠢᠳᠠᠪᠤᠷᠢᠲᠠᠨ ᠰᠤᠯᠢᠯᠴᠠᠬᠤ ᠴᠤᠭᠯᠠᠭᠠᠨ᠄ 101 ᠪᠠᠶᠢᠭᠤᠯᠤᠯᠭ᠎ᠠ ᠨᠢᠭᠡᠴᠡ ᠨᠡᠶᠢᠲᠡ 1859 ᠠᠵᠢᠯ ᠤᠨ ᠪᠠᠶᠢᠷᠢ ᠬᠠᠩᠭ᠋ᠠᠪᠠ

2017-10-23 20:43

    10 ᠰᠠᠷ᠎ᠠ ᠶᠢᠨ 21 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠬᠡᠴᠡ ᠪᠤᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠴᠡ ᠰᠠᠨᠠᠭᠠᠴᠢᠯᠠᠵᠤ᠂ ᠦᠪᠦᠷ ᠮᠣᠩᠭᠣᠯ ᠤᠨ ᠬᠦᠮᠦᠨ ᠤ ᠨᠦᠬᠡᠴᠡ ᠨᠡᠶᠢᠲᠡ ᠶᠢᠨ ᠦᠢᠯᠡᠴᠢᠯᠡᠭᠡᠨ ᠤ ᠲᠦᠪ᠂ ᠦᠪᠦᠷ ᠮᠣᠩᠭᠣᠯ ᠤᠨ ᠮᠠᠰᠢᠨ ᠮᠸᠬᠠᠨᠢᠭ ᠤᠨ ᠠᠵᠢᠯ ᠮᠡᠷᠭᠡᠵᠢᠯ ᠤᠨ ᠲᠡᠭᠡᠲᠤ ᠰᠤᠷᠭᠠᠭᠤᠯᠢ ᠪᠤᠯᠤᠨ ᠦᠪᠦᠷ ᠮᠣᠩᠭᠣᠯ ᠤᠨ ᠵᠢᠦᠢ ᠶᠢᠩ ᠬᠦᠮᠦᠨ ᠤ ᠨᠦᠬᠡᠴᠡ ᠶᠢᠨ ᠡᠬᠢ ᠪᠠᠶᠠᠯᠢᠭ ᠤᠨ ᠦᠢᠯᠡᠴᠢᠯᠡᠭᠡᠨ ᠤ ᠲᠦᠪ ᠡᠴᠡ ᠵᠤᠬᠢᠶᠠᠨ ᠪᠠᠶᠢᠭᠤᠯᠤᠭᠰᠠᠨ《2017 ᠤᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠵᠢᠯ ᠤᠯᠭᠤᠯᠲᠠ ᠰᠢᠨ᠎ᠠ ᠡᠭᠦᠳᠦᠯᠲᠠ ᠶᠢᠨ ᠬᠡᠯᠡᠯᠴᠡᠭᠡᠷ ᠵᠢᠴᠢ ᠨᠠᠮᠤᠷ ᠤᠨ ᠤᠯᠠᠷᠢᠯ ᠤᠨ ᠴᠢᠳᠠᠪᠤᠷᠢᠲᠠᠨ ᠰᠤᠯᠢᠯᠴᠠᠬᠤ ᠴᠤᠭᠯᠠᠭᠠᠨ》 ᠦᠪᠦᠷ ᠮᠣᠩᠭᠣᠯ ᠤᠨ ᠦᠵᠡᠰᠭᠦᠯᠡᠩ ᠤᠨ ᠲᠦᠪ ᠲᠤ ᠶᠠᠪᠤᠭᠳᠠᠪᠠ᠃ ᠲᠤᠰ ᠤᠳᠠᠭᠠᠨ ᠤ ᠡᠯᠰᠡᠯᠲᠠ ᠶᠢᠨ ᠠᠵᠢᠯᠯᠠᠭ᠎ᠠ ᠳᠤ 103 ᠦᠵᠡᠰᠭᠦᠯᠡᠩ ᠤᠨ ᠪᠠᠶᠢᠷᠢ ᠲᠤᠬᠢᠷᠠᠭᠤᠯᠵᠤ᠂ 101 ᠴᠢᠳᠠᠪᠤᠷᠢᠲᠠᠨ ᠡᠯᠰᠡᠬᠦ ᠪᠠᠶᠢᠭᠤᠯᠤᠯᠭ᠎ᠠ ᠨᠢᠭᠡᠴᠡ ᠡᠴᠡ ᠨᠡᠶᠢᠲᠡ 1859 ᠠᠵᠢᠯ ᠤᠨ ᠪᠠᠶᠢᠷᠢ ᠬᠠᠩᠭ᠋ᠠᠪᠠ᠃ 4695 ᠬᠦᠮᠦᠨ ᠲᠠᠯᠠᠪᠠᠢ ᠳᠤ ᠤᠷᠤᠵᠤ᠂ 2059 ᠬᠦᠮᠦᠨ ᠪᠡᠶ᠎ᠠ ᠶᠢᠨ ᠦᠨᠡᠮᠯᠡᠬᠦ ᠪᠡᠨ ᠪᠦᠷᠢᠳᠭᠡᠭᠦᠯᠵᠤ ᠲᠠᠯᠠᠪᠠᠢ ᠳᠤ ᠤᠷᠤᠪᠠ᠃

    ᠪᠦᠷᠢᠳᠭᠡᠯ ᠢ ᠦᠨᠳᠦᠰᠦᠯᠡᠪᠡᠯ᠂ ᠲᠤᠰ ᠤᠳᠠᠭᠠᠨ ᠤ ᠴᠢᠳᠠᠪᠤᠷᠢᠲᠠᠨ ᠡᠯᠰᠡᠬᠦ ᠪᠠᠶᠢᠭᠤᠯᠤᠯᠭ᠎ᠠ ᠶᠢᠨ ᠠᠵᠢᠯ ᠤᠨ ᠪᠠᠶᠢᠷᠢᠨ ᠤ ᠡᠮᠦᠨᠡᠬᠢ ᠲᠠᠪᠤᠨ ᠠᠵᠢᠯ ᠮᠡᠷᠭᠡᠵᠢᠯ ᠳᠤ ᠵᠠᠬ᠎ᠠ ᠵᠡᠭᠡᠯᠢ ᠶᠢᠨ ᠡᠵᠡᠩᠨᠡᠯᠲᠡ᠂ ᠨᠡᠶᠢᠲᠡ ᠶᠢᠨ ᠬᠠᠷᠢᠯᠴᠠᠭ᠎ᠠ᠂ ᠪᠤᠷᠤᠯᠠᠭᠤᠯᠭ᠎ᠠ ᠨᠢᠭᠡᠳᠦᠭᠡᠷ ᠲᠤ ᠪᠠᠶᠢᠷᠢᠯᠠᠵᠤ᠂ ᠨᠡᠶᠢᠲᠡ 235 ᠠᠵᠢᠯ ᠤᠨ ᠪᠠᠶᠢᠷᠢ  ᠬᠠᠨᠭᠭᠠᠵᠤ᠂ ᠡᠨᠡ ᠨᠢ ᠪᠦᠬᠦᠶᠢᠯᠡ ᠠᠵᠢᠯ ᠤᠨ ᠪᠠᠶᠢᠷᠢᠨ ᠤ 12.64% ᠶ᠋ᠢ ᠡᠵᠡᠯᠡᠪᠡ᠃ ᠺᠤᠮᠫᠢᠦ᠋ᠲ᠋ᠸᠷ᠂ ᠢᠨᠲ᠋ᠸᠷᠨ᠋ᠸᠲ᠂ ᠴᠠᠬᠢᠮ ᠬᠤᠳᠠᠯᠳᠤᠭ᠎ᠠ ᠬᠤᠶᠠᠳᠤᠭᠠᠷ ᠲᠤ ᠪᠠᠶᠢᠷᠢᠯᠠᠨ᠂ ᠨᠡᠶᠢᠲᠡ 218 ᠠᠵᠢᠯ ᠤᠨ ᠪᠠᠶᠢᠷᠢ ᠬᠠᠨᠭᠭᠠᠵᠤ᠂ ᠡᠨᠡ ᠨᠢ ᠪᠦᠬᠦᠶᠢᠯᠡ ᠠᠵᠢᠯ ᠤᠨ ᠪᠠᠶᠢᠷᠢᠨ ᠤ 11.73% ᠶ᠋ᠢ ᠡᠵᠡᠯᠡᠵᠠᠢ᠃ ᠦᠢᠯᠡᠳᠪᠦᠷᠢᠯᠡᠯ᠂ ᠡᠵᠡᠩᠨᠡᠯᠲᠡ᠂ ᠴᠢᠨᠠᠷ ᠴᠢᠨᠰᠠᠭ᠎ᠠ᠂ ᠠᠶᠤᠯᠭᠦᠢ ᠶᠢᠨ ᠠᠵᠢᠯ ᠭᠤᠷᠪᠠᠳᠤᠭᠠᠷ ᠲᠤ ᠪᠠᠶᠢᠷᠢᠯᠠᠨ᠂ ᠨᠡᠶᠢᠲᠡ 168 ᠠᠵᠢᠯ ᠤᠨ ᠪᠠᠶᠢᠷᠢ ᠬᠠᠨᠭᠭᠠᠵᠤ᠂ ᠪᠦᠬᠦᠶᠢᠯᠡ ᠠᠵᠢᠯ ᠤᠨ ᠪᠠᠶᠢᠷᠢᠨ ᠤ 9.04% ᠶ᠋ᠢ ᠡᠵᠡᠯᠡᠭᠰᠡᠨ ᠪᠠᠶᠢᠨ᠎ᠠ᠃ ᠲᠠᠷᠢᠶᠠᠯᠠᠩ᠂ ᠤᠢ ᠰᠢᠭᠤᠢ᠂ ᠨᠤᠲᠤᠭ ᠪᠡᠯᠴᠢᠭᠡᠷ᠂ ᠵᠢᠭᠠᠰᠤᠨ ᠤ ᠦᠢᠯᠡᠰ ᠳᠦᠷᠪᠡᠳᠦᠭᠡᠷ ᠲᠤ ᠪᠠᠶᠢᠷᠢᠯᠠᠨ᠂ ᠨᠡᠶᠢᠲᠡ 131 ᠠᠵᠢᠯ ᠤᠨ ᠪᠠᠶᠢᠷᠢ ᠬᠠᠩᠭ᠋ᠠᠵᠤ᠂ ᠪᠦᠬᠦᠶᠢᠯᠡ ᠠᠵᠢᠯ ᠤᠨ ᠪᠠᠶᠢᠷᠢᠨ ᠤ 7.05% ᠶ᠋ᠢ ᠡᠵᠡᠯᠡᠪᠡ᠃ ᠪᠠᠭᠤᠳᠠᠯ᠂ ᠵᠢᠭᠤᠯᠴᠢᠯᠠᠯ᠂ ᠵᠤᠭ᠎ᠠ ᠴᠡᠩᠭᠡᠯ ᠲᠠᠪᠤᠳᠤᠭᠠᠷ ᠲᠤ ᠪᠠᠶᠢᠷᠢᠯᠠᠨ ᠨᠡᠶᠢᠲᠡ 118 ᠠᠵᠢᠯ ᠤᠨ ᠪᠠᠶᠢᠷᠢ ᠬᠠᠩᠭ᠋ᠠᠵᠤ᠂ ᠪᠦᠬᠦᠶᠢᠯᠡ ᠠᠵᠢᠯ ᠤᠨ ᠪᠠᠶᠢᠷᠢᠨ ᠤ 6.35% ᠶ᠋ᠢ ᠡᠵᠡᠯᠡᠵᠡᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121844826