蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠪᠤᠭᠤᠲᠤ ᠤᠷᠳᠤᠰ ᠤᠨ ᠡᠮᠨᠡᠯᠭᠡ ᠶᠢᠨ ᠪᠠᠴᠢᠮ ᠠᠪᠤᠷᠠᠯᠲᠠ ᠶᠢᠨ ᠬᠤᠯᠪᠤᠭ᠎ᠠ 120 ᠤ᠋ᠨ ᠨᠢᠭᠡ ᠴᠤᠭᠴᠠᠵᠢᠯᠠᠭᠰᠠᠨ ᠵᠢᠯᠤᠭᠤᠳᠬᠤ ᠰᠢᠰᠲ᠋ᠸᠮ ᠲᠤᠷᠰᠢᠨ ᠬᠡᠷᠡᠭᠯᠡᠬᠦ ᠬᠤᠭᠤᠴᠠᠭᠠᠨ ᠳᠤ ᠤᠷᠤᠪᠠ

2017-10-24 13:09

    ᠰᠤᠷᠪᠤᠯᠵᠢᠯᠠᠭᠴᠢ ᠬᠦᠬᠡᠬᠤᠲᠠ ᠶᠢᠨ 120 ᠡᠮᠨᠡᠯᠭᠡ ᠶᠢᠨ ᠪᠠᠴᠢᠮ ᠠᠪᠤᠷᠠᠯᠲᠠ ᠶᠢᠨ ᠵᠢᠯᠤᠭᠤᠳᠬᠤ ᠲᠦᠪ ᠡᠴᠡ ᠤᠶᠢᠯᠠᠭᠠᠭᠰᠠᠨ ᠢᠶᠡᠷ᠂ ᠤᠳᠤᠬᠠᠨ ᠳᠤ ᠬᠦᠬᠡᠬᠤᠲᠠ ᠪᠤᠭᠤᠲᠤ ᠤᠷᠳᠤᠰ ᠤᠨ ᠡᠮᠨᠡᠯᠭᠡ ᠶᠢᠨ ᠪᠠᠴᠢᠮ ᠠᠪᠤᠷᠠᠯᠲᠠ ᠶᠢᠨ ᠬᠤᠯᠪᠤᠭ᠎ᠠ 120 ᠤ᠋ᠨ ᠨᠢᠭᠡ ᠴᠤᠭᠴᠠᠵᠢᠯᠠᠭᠰᠠᠨ ᠵᠢᠯᠤᠭᠤᠳᠬᠤ ᠰᠢᠰᠲ᠋ᠸᠮ ᠲᠤᠷᠰᠢᠨ ᠬᠡᠷᠡᠭᠯᠡᠬᠦ ᠬᠤᠭᠤᠴᠠᠭᠠᠨ ᠳᠤ ᠤᠷᠤᠭᠠᠳ ᠪᠤᠢ᠃

    ᠬᠦᠬᠡᠬᠤᠲᠠ ᠶᠢᠨ 120 ᠡᠮᠨᠡᠯᠭᠡ ᠶᠢᠨ ᠪᠠᠴᠢᠮ ᠠᠪᠤᠷᠠᠯᠲᠠ ᠶᠢᠨ ᠵᠢᠯᠤᠭᠤᠳᠬᠤ ᠲᠦᠪ ᠤᠨ ᠠᠵᠢᠯᠲᠠᠨ ᠤ ᠲᠠᠨᠢᠯᠴᠠᠭᠤᠯᠤᠭᠰᠠᠨ ᠢᠶᠡᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠬᠡᠬᠤᠲᠠ ᠪᠤᠭᠤᠲᠤ ᠤᠷᠳᠤᠰ ᠤᠨ ᠬᠠᠮᠳᠤ ᠶᠢᠨ ᠬᠦᠭ᠍ᠵᠢᠯᠲᠠ ᠶᠢ ᠠᠬᠢᠭᠤᠯᠵᠤ᠂ ᠬᠦᠬᠡᠬᠤᠲᠠ ᠪᠤᠭᠤᠲᠤ ᠤᠷᠳᠤᠰ ᠪᠦᠰᠡ ᠨᠤᠲᠤᠭ ᠤᠨ ᠡᠮᠨᠡᠯᠭᠡ  ᠶᠢᠨ ᠪᠠᠴᠢᠮ ᠠᠪᠤᠷᠠᠯᠲᠠ ᠶᠢᠨ ᠬᠤᠯᠪᠤᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠤᠨ᠂ ᠬᠡᠨᠡᠳᠲᠡ ᠶᠢᠨ ᠬᠡᠷᠡᠭ ᠶᠠᠪᠤᠳᠠᠯ ᠳᠤ ᠬᠠᠮᠳᠤᠷᠠᠨ ᠪᠠᠴᠢᠮ ᠠᠪᠤᠷᠠᠬᠤ ᠬᠢᠭᠡᠳ ᠬᠦᠬᠡᠬᠤᠲᠠ ᠪᠤᠭᠤᠲᠤ ᠤᠷᠳᠤᠰ ᠤᠨ ᠠᠭᠤᠯᠵᠠᠭᠤᠷ ᠲᠡᠬᠢ ᠡᠪᠡᠳᠴᠢᠲᠠᠨ ᠢ ᠳᠠᠷᠤᠢ ᠲᠦᠷᠭᠡᠨ ᠪᠠᠴᠢᠮ ᠠᠪᠤᠷᠠᠬᠤ ᠶᠢ ᠪᠡᠶᠡᠯᠡᠭᠦᠯᠬᠦ ᠶᠢᠨ ᠲᠦᠯᠦᠭᠡ᠂ ᠬᠦᠬᠡᠬᠤᠲᠠ ᠶᠢᠨ 120 ᠡᠮ ᠡᠮᠨᠡᠯᠭᠡ ᠶᠢᠨ ᠪᠠᠴᠢᠮ ᠠᠪᠤᠷᠠᠯᠲᠠ ᠶᠢᠨ ᠵᠢᠯᠤᠭᠤᠳᠬᠤ ᠲᠦᠪ ᠡᠴᠡ ᠭᠤᠷᠪᠠᠨ ᠪᠦᠰᠡ ᠨᠤᠲᠤᠭ ᠨᠢᠭᠡ ᠴᠤᠭᠴᠠᠵᠢᠯᠠᠭᠰᠠᠨ ᠵᠢᠯᠤᠭᠤᠳᠬᠤ ᠰᠢᠰᠲ᠋ᠸᠮ ᠢ ᠪᠦᠲᠦᠭᠡᠨ ᠪᠠᠶᠢᠭᠤᠯᠬᠤ ᠠᠵᠢᠯ ᠢ 2017 ᠤᠨ ᠤ ᠭᠤᠤᠯᠳᠠᠯᠭ᠎ᠠ ᠲᠠᠢ ᠠᠵᠢᠯ ᠳᠤ ᠤᠷᠤᠭᠤᠯᠪᠠ᠃ ᠡᠨᠡ ᠨᠢ ᠤᠳᠤᠬᠠᠨ ᠳᠤ ᠶᠠᠭ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠨ ᠪᠤᠢ᠃

    ᠬᠦᠬᠡᠬᠤᠲᠠ ᠪᠤᠭᠤᠲᠤ ᠤᠷᠳᠤᠰ ᠤᠨ ᠡᠮᠨᠡᠯᠭᠡ ᠶᠢᠨ ᠪᠠᠴᠢᠮ ᠠᠪᠤᠷᠠᠯᠲᠠ ᠶᠢᠨ ᠬᠤᠯᠪᠤᠭ᠎ᠠ 120 ᠤᠨ ᠨᠢᠭᠡ ᠴᠤᠭᠴᠠᠵᠢᠯᠠᠨ ᠵᠢᠯᠤᠭᠤᠳᠬᠤ ᠨᠢ ᠭᠤᠷᠪᠠᠨ ᠪᠦᠰᠡ ᠨᠤᠲᠤᠭ ᠤᠨ ᠡᠮᠨᠡᠯᠭᠡ ᠶᠢᠨ ᠪᠠᠴᠢᠮ ᠠᠪᠤᠷᠠᠯᠲᠠ ᠶᠢᠨ ᠰᠤᠷᠠᠭ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠤ᠂ ᠪᠦᠰᠡ ᠠᠯᠤᠰᠯᠠᠨ ᠲᠡᠷᠭᠡ ᠲᠤᠮᠢᠯᠡᠬᠤ ᠶᠠᠪᠤᠴᠠ ᠶᠢ ᠲᠦᠭᠦᠮᠴᠢᠯᠡᠭᠰᠡᠨ ᠪᠦᠭᠡᠳ ᠬᠦᠬᠡᠬᠤᠲᠠ ᠪᠤᠭᠤᠲᠤ ᠤᠷᠳᠤᠰ ᠤᠨ ᠬᠠᠮᠳᠤᠪᠡᠷ ᠬᠦᠭ᠍ᠵᠢᠬᠦ ᠡᠷᠡᠭᠦᠯ ᠬᠠᠮᠠᠭᠠᠯᠠᠯ ᠰᠤᠷᠠᠭ ᠵᠠᠩᠭᠢᠵᠢᠯᠳᠠ ᠶᠢᠨ ᠪᠠᠶᠢᠭᠤᠯᠤᠯᠲᠠ ᠮᠦᠨ ᠴᠢᠨᠠᠷ ᠤᠨ ᠠᠬᠢᠴᠠ ᠲᠠᠢ ᠪᠤᠯᠤᠭᠰᠠᠨ ᠤ ᠪᠤᠲᠠᠲᠤ ᠢᠯᠡᠷᠡᠯ ᠶᠤᠮ᠃ ᠬᠦᠬᠡᠬᠤᠲᠠ ᠶᠢᠨ 120 ᠡᠮᠨᠡᠯᠭᠡ ᠶᠢᠨ ᠪᠠᠴᠢᠮ ᠠᠪᠤᠷᠠᠯᠲᠠ ᠶᠢᠨ ᠵᠢᠯᠤᠭᠤᠳᠬᠤ ᠲᠦᠪ ᠡᠴᠡ ᠤᠭᠰᠠᠷᠠᠭᠰᠠᠨ ᠢᠨᠲ᠋ᠸᠨ᠋ᠸᠲ ᠤᠨ ᠪᠠᠴᠢᠮ ᠠᠪᠤᠷᠠᠯᠲᠠ ᠶᠢᠨ APP ᠪᠤᠯᠤᠨ《ᠪᠡᠴᠢᠯ ᠪᠠᠴᠢᠮ ᠠᠪᠤᠷᠠᠯᠲᠠ》ᠡᠴᠡ ᠬᠠᠩᠭ᠋ᠠᠭᠰᠠᠨ ᠲᠤᠰᠠᠯᠠᠮᠵᠢ ᠬᠦᠰᠡᠭᠴᠢᠳ ᠤᠨ ᠪᠠᠶᠢᠷᠢ ᠶᠢ ᠲᠤᠭᠲᠠᠭᠠᠬᠤ ᠴᠢᠳᠠᠪᠬᠢ ᠲᠠᠢ ᠤᠶᠠᠯᠳᠤᠭᠤᠯᠤᠨ ᠭᠤᠷᠪᠠᠨ ᠪᠦᠰᠡ ᠨᠤᠲᠤᠭ ᠤᠨ ᠢᠷᠭᠡᠳ ᠲᠤ ᠨᠡᠩ ᠰᠠᠶᠢᠨ ᠪᠠᠴᠢᠮ ᠠᠪᠤᠷᠠᠯᠲᠠ ᠶᠢᠨ ᠦᠢᠯᠡᠴᠢᠯᠡᠭᠡ ᠬᠠᠩᠭ᠋ᠠᠬᠤ ᠶᠢᠨ ᠬᠠᠮᠲᠤ ᠭᠤᠷᠪᠠᠨ ᠪᠦᠰᠡ ᠨᠤᠲᠤᠭ ᠤᠨ 120 ᠵᠢᠯᠤᠭᠤᠳᠬᠤ ᠠᠵᠢᠯ ᠤᠨ ᠦᠷ᠎ᠠ ᠪᠦᠲᠦᠮᠵᠢ ᠶᠢ ᠳᠡᠭᠡᠭ᠍ᠰᠢᠯᠡᠭᠦᠯᠵᠠᠢ᠃ (ᠰᠤᠷᠪᠤᠯᠵᠢᠯᠠᠭᠴᠢ ᠵᠠᠩ ᠴᠢᠦ ᠶᠠᠨ)

ᠢᠷᠡᠯᠳᠡ᠄ ᠬᠦᠬᠡᠬᠤᠲᠠ ᠶᠢᠨ ᠤᠷᠤᠢ ᠶᠢᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121848639