蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠠᠯᠠᠱᠠ ᠠᠶᠢᠮᠠᠭ ᠤᠨ ᠬᠠᠩᠭ᠋ᠠᠯᠭ᠎ᠠ ᠶᠢᠨ ᠬᠤᠷᠰᠢᠶᠠᠵᠢᠯ ᠮᠠᠯᠴᠢᠨ ᠲᠠᠷᠢᠶᠠᠴᠢᠳ ᠤᠨ ᠤᠷᠤᠯᠭ᠎ᠠ ᠶᠢ ᠳᠠᠶᠢᠴᠢᠯᠠᠪᠠ

2017-10-25 14:47

    ᠰᠡᠭᠦᠯ ᠤᠨ ᠵᠢᠯ ᠤᠳ  ᠲᠤ᠂ ᠦᠪᠦᠷ ᠮᠤᠩᠭ᠋ᠤᠯ ᠤᠨ ᠠᠯᠠᠱᠠ ᠠᠶᠢᠮᠠᠭ ᠤᠨ ᠬᠠᠩᠭ᠋ᠠᠯᠭ᠎ᠠ ᠶᠢᠨ ᠬᠤᠷᠰᠢᠶᠡᠵᠢᠯ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠰᠠᠶᠢᠲᠤᠷ ᠬᠢᠭ᠍ᠰᠡᠨ ᠢᠶᠡᠷ ᠦᠢᠯᠡᠴᠢᠯᠡᠭᠡᠨ ᠤ ᠴᠢᠳᠠᠪᠬᠢ᠂ ᠬᠦᠭ᠍ᠵᠢᠯᠲᠠ ᠶᠢᠨ ᠬᠦᠴᠦᠨ᠂ ᠡᠳ᠋ ᠤᠨ ᠵᠠᠰᠠᠭ ᠤᠨ ᠪᠤᠳᠠᠲᠤ ᠬᠦᠴᠦᠨ ᠮᠡᠳᠡᠭᠳᠡᠮ᠎ᠠ ᠳᠡᠭᠡᠭ᠍ᠰᠢᠯᠡᠪᠡ᠃ ᠤᠳᠤᠬᠠᠨ ᠪᠤᠯᠲᠠᠯ᠎ᠠ᠂ ᠠᠯᠠᠱᠠ ᠠᠶᠢᠮᠠᠭ ᠤᠨ ᠬᠠᠩᠭ᠋ᠠᠯᠭ᠎ᠠ ᠶᠢᠨ ᠬᠤᠷᠰᠢᠶᠠᠵᠢᠯ ᠨᠢᠭᠡᠨᠲᠡ 79 ᠮᠠᠯᠴᠢᠨ ᠲᠠᠷᠢᠶᠠᠴᠢᠨ ᠤ ᠬᠤᠷᠰᠢᠶᠠᠵᠢᠯ ᠤᠨ ᠡᠳ᠋ ᠤᠨ ᠵᠠᠰᠠᠭ ᠤᠨ ᠵᠤᠬᠢᠶᠠᠨ ᠪᠠᠶᠢᠭᠤᠯᠤᠯᠲᠠ ᠲᠠᠢ ᠪᠤᠯᠵᠤ᠂ 10380 ᠡᠷᠦᠬᠡ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠪᠡ᠃

    ᠠᠯᠠᠱᠠ ᠠᠶᠢᠮᠠᠭ ᠤᠨ ᠬᠠᠩᠭ᠋ᠠᠯᠭ᠎ᠠ ᠶᠢᠨ ᠬᠤᠷᠰᠢᠶᠠᠵᠢᠯ ᠦᠨᠳᠦᠰᠦᠨ ᠱᠠᠲᠤᠨ ᠤ ᠬᠠᠩᠭ᠋ᠠᠯᠭ᠎ᠠ ᠶᠢᠨ ᠬᠤᠷᠰᠢᠶᠠᠵᠢᠯ ᠤᠨ ᠡᠵᠡᠩᠨᠡᠯᠲᠡ ᠦᠢᠯᠡᠴᠢᠯᠡᠭᠡᠨ ᠤ ᠨᠸᠲ ᠲᠠᠢ ᠬᠠᠮᠲᠤᠷᠠᠵᠤ᠂ ᠪᠦᠲᠦᠴᠡ ᠶᠢ ᠵᠤᠬᠢᠰᠲᠠᠢ ᠲᠤᠬᠢᠷᠠᠭᠤᠯᠵᠤ᠂ ᠦᠨᠳᠦᠰᠦᠨ ᠱᠠᠲᠤᠨ ᠤ ᠬᠤᠷᠰᠢᠶᠠᠵᠢᠯ ᠤᠨ ᠭᠠᠵᠠᠷ ᠰᠢᠷᠦᠢ ᠢᠳᠡᠭᠡᠮᠵᠢᠯᠡᠬᠦ᠂ ᠪᠠᠷᠠᠭᠠᠨ ᠤ ᠭᠦᠢᠯᠭᠡᠭᠡ᠂ ᠲᠠᠷᠢᠶᠠᠯᠠᠩ ᠤᠨ ᠪᠦᠲᠦᠭᠡᠭ᠍ᠲᠡᠬᠦᠨ ᠪᠤᠯᠪᠠᠰᠤᠷᠠᠭᠤᠯᠬᠤ᠂ ᠪᠤᠷᠤᠯᠠᠭᠤᠯᠬᠤ ᠵᠡᠷᠭᠡ ᠶᠠᠪᠤᠴᠠ ᠢᠢ ᠢᠳᠡᠪᠬᠢᠲᠠᠢ ᠤᠳᠤᠷᠢᠳᠤᠨ ᠵᠢᠯᠤᠭᠤᠳᠴᠤ ᠪᠤᠢ᠃ ᠠᠶᠢᠮᠠᠭ ᠳᠠᠶᠠᠭᠠᠷ ᠤᠨ ᠬᠠᠩᠭ᠋ᠠᠯᠭ᠎ᠠ ᠶᠢᠨ ᠬᠤᠷᠰᠢᠶᠠᠵᠢᠯ ᠤᠨ ᠰᠢᠰᠲ᠋ᠸᠮ ᠳᠤ  ᠦᠪᠡᠷᠲᠡᠭᠡᠨ ᠵᠠᠰᠠᠬᠤ ᠤᠷᠤᠨ ᠤ ᠵᠡᠷᠭᠡᠯᠡᠯ ᠤᠨ 4《ᠵᠢᠱᠢᠶ᠎ᠠ ᠦᠵᠡᠭᠦᠯᠬᠦ ᠬᠤᠷᠰᠢᠶᠠᠵᠢᠯ》 2800 ᠮᠦ ᠡᠷᠭᠢᠯᠲᠠ ᠶᠢᠨ ᠭᠠᠵᠠᠷ ᠲᠠᠢ᠂ ᠬᠦᠬᠦᠷᠭᠡᠨ᠎ᠠ ᠶᠢᠨ ᠦᠨᠳᠦᠰᠤ ᠵᠡᠷᠭᠡ ᠬᠢᠲᠠᠳ ᠡᠮ ᠤᠨ ᠮᠠᠲ᠋ᠸᠷᠢᠶᠠᠯ ᠲᠠᠷᠢᠬᠤ ᠲᠠᠯᠠᠪᠠᠢ 3000 ᠮᠤ᠂ ᠰᠢᠨ᠎ᠠ ᠡᠭᠦᠯᠳᠡᠷ ᠤᠨ ᠲᠠᠷᠪᠤᠰ ᠲᠠᠷᠢᠬᠤ ᠲᠠᠯᠠᠪᠠᠢ 3000 ᠮᠦ ᠪᠤᠢ᠃ ᠡᠭᠦᠨ ᠤ ᠬᠠᠮᠲᠤ᠂ ᠡᠯ᠎᠎ᠠ ᠦᠨᠳᠦᠰᠦᠨ ᠱᠠᠲᠤᠨ ᠤ ᠬᠠᠩᠭ᠋ᠠᠯᠭ᠎ᠠ ᠶᠢᠨ ᠬᠤᠷᠰᠢᠶᠠᠵᠢᠯ ᠦᠪᠡᠷᠲᠡᠭᠡᠨ ᠪᠦᠲᠦᠭᠡᠨ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠬᠤᠯᠪᠤᠭᠠᠯᠠᠨ ᠪᠠᠶᠢᠭᠤᠯᠬᠤ ᠵᠡᠷᠭᠡ ᠬᠡᠯᠪᠡᠷᠢ ᠪᠡᠷ ᠪᠠᠶᠢᠭᠤᠯᠤᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶᠠᠵᠢᠯ 20 ᠪᠠᠶᠢᠵᠤ᠂ 2.8 ᠲᠦᠮᠡᠨ ᠡᠷᠦᠬᠡ ᠶᠢᠨ ᠮᠠᠯᠴᠢᠨ ᠲᠠᠷᠢᠶᠠᠴᠢᠳ ᠲᠤ ᠲᠠᠷᠢᠶᠠᠯᠠᠩ ᠤᠨ ᠬᠡᠷᠡᠭᠰᠡᠯ᠂ ᠡᠳᠦᠷ ᠲᠤᠳᠤᠮ ᠤᠨ ᠬᠡᠷᠡᠭᠯᠡᠭᠡᠨ ᠤ ᠵᠦᠢᠯ ᠢ ᠬᠠᠩᠭ᠋ᠠᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭ᠍ᠲᠡᠬᠦᠨ ᠬᠤᠳᠠᠯᠳᠤᠨ ᠤᠷᠤᠭᠤᠯᠬᠤ ᠪᠠ ᠬᠤᠳᠠᠯᠳᠤᠨ ᠭᠠᠷᠭᠠᠬᠤ ᠬᠤᠤᠰ ᠴᠢᠭᠯᠡᠯ ᠤᠨ ᠡᠷᠭᠢᠯᠲᠠ ᠶᠢ ᠪᠡᠶᠡᠯᠡᠭᠦᠯᠵᠤ ᠪᠤᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121853997