蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠠᠵᠤ ᠠᠬᠤᠶᠢᠯᠠᠯ ᠤᠨ ᠠᠵᠢᠯᠲᠠᠳ ᠴᠢᠳᠠᠪᠤᠷᠢ ᠶᠢᠨ ᠳᠡᠭᠡᠭ᠍ᠰᠢᠯᠡᠯᠲᠡ ᠶᠢᠨ ᠨᠦᠬᠦᠪᠦᠷᠢ ᠭᠤᠶᠤᠴᠢᠯᠠᠨ ᠭᠠᠷᠳᠠᠬᠤ ᠠᠵᠢᠯ ᠡᠬᠢᠯᠡᠪᠡ

2017-10-25 14:40

    23 ᠤ ᠡᠳᠦᠷ᠂ ᠬᠦᠬᠡᠬᠤᠲᠠ ᠶᠢᠨ ᠠᠵᠤ ᠠᠬᠤᠶᠢᠯᠠᠯ ᠤᠨ ᠠᠵᠢᠯᠲᠠᠳ ᠴᠢᠳᠠᠪᠤᠷᠢ ᠶᠢᠨ ᠳᠡᠭᠡᠭ᠍ᠰᠢᠯᠡᠯᠲᠡ ᠶᠢᠨ ᠨᠦᠬᠦᠪᠦᠷᠢ ᠭᠤᠶᠤᠴᠢᠯᠠᠨ ᠭᠠᠷᠳᠠᠬᠤ ᠠᠵᠢᠯ ᠡᠬᠢᠯᠡᠪᠡ᠃ ᠡᠭᠦᠨ ᠤ ᠬᠠᠮᠲᠤ᠂ ᠬᠤᠲᠠ ᠶᠢᠨ ᠠᠵᠢᠯ ᠤᠯᠭᠤᠯᠲᠠ ᠶᠢᠨ ᠦᠢᠯᠡᠴᠢᠯᠡᠭᠡᠨ ᠤ ᠲᠦᠪ ᠡᠴᠡ《ᠠᠵᠤ ᠠᠬᠤᠶᠢᠯᠠᠯ ᠤᠨ ᠠᠵᠢᠯᠲᠠᠳ ᠤᠨ ᠴᠢᠳᠠᠪᠤᠷᠢ ᠶᠢᠨ ᠳᠡᠭᠡᠭ᠍ᠰᠢᠯᠡᠯᠲᠡ ᠶᠢᠨ ᠨᠦᠬᠦᠪᠦᠷᠢ ᠭᠤᠶᠤᠴᠢᠯᠠᠨ ᠭᠠᠷᠳᠠᠬᠤ ᠬᠦᠲᠦᠯᠪᠦᠷᠢ》(ᠳᠠᠷᠠᠭᠠᠴᠢ ᠪᠡᠷ ᠬᠦᠳᠦᠯᠪᠦᠷᠢ ᠬᠡᠮᠡᠨ ᠲᠦᠭᠦᠮᠴᠢᠯᠡᠨ᠎ᠠ) ᠶ᠋ᠢ ᠨᠡᠶᠢᠲᠡᠯᠡᠵᠤ᠂ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠠᠵᠢᠯᠲᠠᠳ ᠤᠨ ᠴᠢᠳᠠᠪᠤᠷᠢ ᠶᠢᠨ ᠳᠡᠭᠡᠭ᠍ᠰᠢᠯᠡᠯᠲᠡ ᠶᠢᠨ ᠨᠦᠬᠦᠪᠦᠷᠢ ᠭᠤᠶᠤᠴᠢᠯᠠᠨ ᠭᠠᠷᠳᠠᠬᠤ ᠠᠵᠢᠯ ᠳᠤ ᠳᠦᠭᠦᠮ ᠦᠵᠡᠭᠦᠯᠪᠡ᠃

    ᠤᠶᠢᠯᠠᠭᠠᠭᠰᠠᠨ ᠢᠶᠡᠷ᠂ ᠦᠨᠦ ᠵᠢᠯ ᠤᠨ 8 ᠰᠠᠷ᠎ᠠ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠭᠡᠴᠡ ᠪᠤᠯᠤᠨ ᠨᠡᠶᠢᠭᠡᠮ ᠤᠨ ᠪᠠᠲᠤᠯᠠᠭᠠᠨ ᠤ ᠲᠢᠩᠬᠢᠮ ᠤᠨ ᠡᠳ᠋ ᠤᠨ ᠵᠠᠰᠠᠭ ᠤᠨ ᠲᠢᠩᠬᠢᠮ ᠡᠴᠡ ᠠᠵᠢᠯ ᠠᠯᠳᠠᠬᠤ ᠳᠠᠭᠠᠳᠬᠠᠯ ᠳᠤ ᠤᠷᠤᠭᠰᠠᠨ ᠠᠵᠢᠯᠲᠠᠳ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭ᠍ᠰᠢᠯᠡᠭᠦᠯᠬᠦ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠮᠡᠳᠡᠭᠳᠡᠯ》 ᠢ᠋ ᠨᠡᠶᠢᠲᠡᠯᠡᠪᠡ᠃ ᠡᠭᠦᠨ ᠳᠤ᠂ ᠨᠦᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠠᠵᠢᠯᠲᠠᠳ ᠴᠢᠳᠠᠪᠤᠷᠢ ᠶᠢᠨ ᠳᠡᠭᠡᠭ᠍ᠰᠢᠯᠡᠯᠲᠡ ᠶᠢᠨ ᠨᠦᠬᠦᠪᠦᠷᠢ ᠭᠤᠶᠤᠴᠢᠯᠠᠨ ᠭᠠᠷᠳᠠᠵᠤ ᠪᠤᠯᠬᠤ ᠶᠢ ᠲᠤᠳᠤᠷᠬᠠᠶᠢᠯᠠᠭᠰᠠᠨ ᠪᠠᠶᠢᠨ᠎ᠠ᠃

    ᠬᠦᠲᠦᠯᠪᠦᠷᠢ ᠳᠤ᠂ ᠳᠤᠤᠷᠠᠬᠢ ᠨᠦᠬᠦᠴᠡᠯ ᠢ ᠵᠡᠷᠭᠡᠲᠡ ᠨᠢ ᠬᠠᠩᠭ᠋ᠠᠬᠰᠨ ᠠᠵᠢᠯᠲᠠᠳ ᠴᠢᠳᠠᠪᠤᠷᠢ ᠶᠢᠨ ᠳᠡᠭᠡᠭ᠍ᠰᠢᠯᠡᠯᠲᠡ ᠶᠢᠨ ᠨᠦᠬᠦᠪᠦᠷᠢ ᠭᠤᠶᠤᠴᠢᠯᠠᠨ ᠭᠠᠷᠳᠠᠵᠤ ᠪᠤᠯᠤᠨ᠎ᠠ ᠭᠡᠵᠠᠢ᠂ ᠳᠠᠷᠤᠢ ᠬᠠᠤᠯᠢ ᠶᠤᠰᠤᠭᠠᠷ ᠠᠵᠢᠯ ᠠᠯᠳᠠᠬᠤ ᠳᠠᠭᠠᠳᠬᠠᠯ ᠳᠤ ᠤᠷᠤᠵᠤ ᠭᠤᠶᠤᠴᠢᠯᠠᠬᠤ ᠬᠤᠭᠤᠴᠠᠭᠠᠨ ᠳᠤ ᠲᠦᠯᠦᠪᠦᠷᠢ ᠪᠡᠨ ᠬᠡᠪ ᠢᠶᠡᠷ ᠲᠤᠰᠢᠶᠠᠭᠰᠠᠨ ᠪᠠ ᠨᠡᠶᠢᠲᠡ 36 ᠰᠠᠷ᠎ᠠ ᠭᠠᠷᠤᠢ (36 ᠰᠠᠷ᠎ᠠ ᠶᠢ ᠪᠠᠭᠲᠠᠭᠠᠨ᠎ᠠ) ᠲᠤᠰᠢᠶᠠᠵᠤ ᠪᠠᠶᠢᠭ᠎ᠠ ᠠᠵᠢᠯᠲᠠᠨ 2017 ᠤᠨ ᠤ 1 ᠰᠠᠷ᠎ᠠ ᠶᠢᠨ 1 ᠤ ᠡᠳᠦᠷ ᠡᠴᠡ ᠡᠬᠢᠯᠡᠨ ᠤᠯᠤᠰ ᠤᠨ ᠲᠤᠭᠲᠠᠭᠰᠠᠨ ᠠᠵᠢᠯ ᠮᠡᠷᠭᠡᠵᠢᠯ(ᠠᠵᠢᠯ ᠤᠨ ᠲᠦᠷᠦᠯ) ᠤ᠋ᠨ ᠵᠢᠬᠰᠠᠭᠠᠯᠲᠠ ᠳᠤ ᠠᠩᠬ᠎ᠠ ᠵᠡᠷᠭᠡ(ᠲᠠᠪᠤᠳᠤᠭᠠᠷ ᠵᠡᠷᠭᠡᠯᠡᠯ) ᠳᠤᠮᠳᠠ ᠵᠡᠷᠭᠡ(ᠲᠦᠷᠪᠡᠳᠦᠭᠡᠷ ᠵᠡᠷᠭᠡᠯᠡᠯ)᠂ ᠲᠡᠭᠡᠲᠤ ᠵᠡᠷᠭᠡ(ᠭᠤᠷᠪᠠᠳᠤᠭᠠᠷ ᠵᠡᠷᠭᠡᠯᠡᠯ) ᠶ᠋ᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠬᠦ ᠪᠤᠶᠤ ᠠᠵᠢᠯ ᠮᠡᠷᠭᠡᠵᠢᠯ ᠤᠨ ᠴᠢᠳᠠᠪᠤᠷᠢ ᠶᠢᠨ ᠵᠡᠷᠭᠡᠯᠡᠯ ᠤᠨ ᠦᠨᠡᠮᠯᠡᠬᠦ ᠲᠠᠢ ᠠᠵᠢᠯᠲᠠᠳ ᠨᠦᠬᠦᠴᠡᠯ ᠳᠤ ᠨᠡᠶᠢᠴᠡᠬᠦ ᠶᠤᠮ ᠪᠠᠶᠢᠨ᠎ᠠ᠃ ᠨᠢᠭᠡ ᠠᠵᠢᠯ ᠮᠡᠷᠭᠡᠵᠢᠯ ᠨᠢᠭᠡ ᠵᠡᠷᠭᠡᠯᠡᠯ ᠳᠤ ᠨᠢᠭᠡ ᠯᠡ ᠤᠳᠠᠭ᠎ᠠ ᠴᠢᠳᠠᠪᠤᠷᠢ ᠶᠢᠨ ᠳᠡᠭᠡᠭ᠍ᠰᠢᠯᠡᠯᠲᠡ ᠶᠢᠨ ᠨᠦᠬᠦᠪᠦᠷᠢ ᠭᠤᠶᠤᠴᠢᠯᠠᠨ ᠭᠠᠷᠳᠠᠵᠤ ᠪᠤᠯᠤᠨ᠎ᠠ᠃ (ᠰᠤᠷᠪᠤᠯᠵᠢᠯᠠᠭᠴᠢ ᠸᠠᠩ ᠺᠸ ᠶᠡᠨ)

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121854022