蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠬᠠᠷᠢᠭᠤᠴᠠᠨ ᠪᠡᠶᠡᠯᠡᠭᠦᠯᠦᠭᠰᠡᠨ《12·5》ᠬᠦᠭ᠍ᠵᠢᠯᠲᠠ ᠶᠢᠨ ᠲᠦᠰᠦᠯ ᠤᠨ ᠤᠯᠤᠰ ᠤᠨ ᠲᠸᠭ᠍ᠨᠤᠯᠤᠭᠢ ᠶᠢ ᠲᠤᠯᠭᠠᠭᠤᠷᠢᠯᠠᠬᠤ ᠬᠤᠶᠠᠷ ᠲᠦᠰᠦᠯ ᠢ ᠰᠢᠯᠭᠠᠨ ᠬᠦᠯᠢᠶᠡᠨ ᠠᠪᠤᠪᠠ

2017-10-31 12:35

    ᠲᠦᠷᠦᠭᠦᠬᠡᠨ᠂ ᠤᠯᠤᠰ ᠤᠨ ᠰᠢᠨᠵᠢᠯᠡᠬᠦ ᠤᠬᠠᠭᠠᠨ ᠲᠸᠭ᠍ᠨᠤᠯᠤᠭᠢ ᠶᠢᠨ ᠶᠠᠮᠤᠨ ᠤ ᠲᠡᠭᠡᠲᠤ ᠰᠢᠨ᠎ᠠ ᠲᠸᠭ᠍ᠨᠤᠯᠤᠭᠢ ᠶᠢᠨ ᠬᠡᠯᠲᠡᠰ ᠡᠴᠡ ᠬᠦᠬᠡᠬᠤᠲᠠ ᠳᠤ《12·5》ᠬᠦᠭ᠍ᠵᠢᠯᠲᠠ ᠶᠢᠨ ᠲᠦᠰᠦᠯ ᠤᠨ ᠤᠯᠤᠰ ᠤᠨ ᠲᠸᠭ᠍ᠨᠤᠯᠤᠭᠢ ᠶᠢ ᠲᠤᠯᠭᠠᠭᠤᠷᠢᠯᠠᠬᠤ ᠲᠦᠰᠦᠯ ᠢ ᠰᠢᠯᠭᠠᠨ ᠬᠦᠯᠢᠶᠡᠨ ᠠᠪᠬᠤ ᠬᠤᠷᠠᠯ ᠬᠤᠷᠠᠯᠳᠤᠭᠤᠯᠪᠠ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠸᠭ᠍ᠨᠤᠯᠤᠭᠢ ᠶᠢᠨ ᠲᠢᠩᠬᠢᠮ ᠡᠴᠡ ᠵᠤᠬᠢᠶᠠᠨ ᠪᠠᠶᠢᠭᠤᠯᠵᠤ ᠪᠡᠶᠡᠯᠡᠭᠦᠯᠦᠭᠰᠡᠨ ᠬᠤᠶᠠᠷ ᠲᠦᠷᠦᠯ ᠤᠨ ᠲᠸᠭ᠍ᠨᠤᠯᠤᠭᠢ ᠶᠢ ᠲᠤᠯᠭᠠᠭᠤᠷᠢᠯᠠᠬᠤ ᠲᠦᠰᠦᠯ ᠲᠤᠰᠬᠠᠢ ᠮᠡᠷᠭᠡᠵᠢᠯᠲᠡᠨ ᠤ ᠪᠠᠭ ᠤᠨ ᠬᠢᠨᠠᠨ ᠰᠢᠯᠭᠠᠯᠲᠠ ᠶᠢ ᠦᠩᠭᠡᠷᠡᠪᠡ᠃

    ᠤᠶᠢᠯᠠᠭᠠᠭᠰᠠᠨ ᠢᠶᠡᠷ᠂ ᠡᠨᠡᠬᠦ ᠬᠢᠨᠠᠨ ᠰᠢᠯᠭᠠᠯᠲᠠ ᠶᠢ ᠦᠩᠭᠡᠷᠡᠭᠡᠭᠰᠡᠨ ᠬᠤᠶᠠᠷ ᠲᠦᠰᠦᠯ ᠨᠢ《ᠦᠨᠳᠦᠰᠦᠲᠡᠨ ᠤ ᠳᠠᠭᠤᠤ ᠬᠦᠭ᠍ᠵᠢᠮ ᠤᠨ ᠴᠤᠮᠬᠠᠤᠬᠠᠯ ᠤᠨ ᠰᠢᠰᠲ᠋ᠸᠮ ᠵᠢᠴᠢ ᠨᠸᠲ᠋ᠵᠢᠭᠦᠯᠬᠦ ᠬᠡᠷᠡᠭᠯᠡᠭᠡ (2014BAH08F00)》ᠪᠠ《ᠤᠯᠠᠨ ᠤᠯᠤᠰ ᠤᠨ ᠪᠠᠷᠢᠮᠵᠢᠶ᠎ᠠ ᠮᠤᠨᠭᠭᠤᠯ ᠬᠡᠯᠡᠨ ᠤ ᠲᠤᠭᠠᠵᠢᠭᠰᠠᠨ ᠬᠡᠪᠯᠡᠯ ᠤᠨ ᠰᠢᠰᠲ᠋ᠸᠮ ᠤᠨ ᠰᠤᠳᠤᠯᠤᠨ ᠦᠢᠯᠡᠳᠦᠯᠲᠠ ᠵᠢᠴᠢ ᠬᠡᠷᠡᠭᠯᠡᠭᠡᠨ ᠤ ᠦᠵᠡᠭᠦᠯᠦᠯᠭᠡ (2013BAH55F00)》ᠪᠤᠯᠤᠨ᠎ᠠ᠃

    《ᠦᠨᠳᠦᠰᠦᠲᠡᠨ ᠤ ᠳᠠᠭᠤᠤ ᠬᠦᠭ᠍ᠵᠢᠮ ᠤᠨ ᠴᠤᠮᠬᠠᠤᠬᠠᠯ ᠤᠨ ᠰᠢᠰᠲ᠋ᠸᠮ ᠵᠢᠴᠢ ᠨᠸᠲ᠋ᠵᠢᠭᠦᠯᠬᠦ ᠬᠡᠷᠡᠭᠯᠡᠭᠡ (2014BAH08F00)》ᠨᠢ 4 ᠭᠤᠤᠯᠳᠠᠯᠭ᠎ᠠ ᠲᠠᠢ ᠮᠡᠷᠭᠡᠵᠢᠯ ᠢᠶᠡᠷ ᠬᠢᠲᠠᠳ᠂ ᠠᠩᠭ᠍ᠯᠢ᠂ ᠮᠣᠩᠭᠣᠯ ᠪᠤᠯᠤᠨ ᠺᠢᠷᠢᠯ ᠵᠡᠷᠭᠡ ᠳᠦᠷᠪᠡᠨ ᠲᠦᠷᠦᠯ ᠤᠨ ᠦᠰᠦᠭ ᠪᠢᠴᠢᠭ᠌ ᠢᠶᠡᠷ ᠲᠠᠯ᠎ᠠ ᠨᠤᠲᠤᠭ ᠤᠨ ᠳᠠᠭᠤᠤ ᠬᠦᠭ᠍ᠵᠢᠮ ᠤᠨ ᠳ᠋ᠠᠶᠢᠲ᠋ᠠ ᠶᠢᠨ ᠰᠠᠩ ᠪᠤᠯᠤᠨ ᠨᠸᠲ᠋ᠴᠢᠯᠡᠭᠰᠡᠨ ᠲᠠᠪᠴᠠᠩ ᠢ ᠨᠡᠭᠡᠭᠡᠵᠤ᠂ ᠲᠠᠯ᠎ᠠ ᠨᠤᠲᠤᠭ ᠤᠨ ᠳᠠᠭᠤᠤ ᠬᠦᠭ᠍ᠵᠢᠮ ᠤᠨ ᠰᠠᠩ ᠢ ᠪᠠᠷᠢᠮᠵᠢᠶᠠᠵᠢᠭᠰᠠᠨ᠂ ᠳᠡᠯᠡᠬᠡᠶᠢᠵᠢᠭᠰᠡᠨ ᠪᠠ ᠬᠡᠪᠴᠢᠶᠡᠵᠢᠭᠰᠡᠨ ᠰᠢᠰᠲ᠋ᠸᠮ ᠪᠤᠯᠭᠠᠪᠠ᠃

    《ᠤᠯᠠᠨ ᠤᠯᠤᠰ ᠤᠨ ᠪᠠᠷᠢᠮᠵᠢᠶ᠎ᠠ ᠮᠣᠩᠭᠣᠯ ᠬᠡᠯᠡᠨ ᠤ ᠲᠤᠭᠠᠵᠢᠭᠰᠠᠨ ᠬᠡᠪᠯᠡᠯ ᠤᠨ ᠰᠢᠰᠲ᠋ᠸᠮ ᠤᠨ ᠰᠤᠳᠤᠯᠤᠨ ᠦᠢᠯᠡᠳᠦᠯᠲᠠ ᠵᠢᠴᠢ ᠬᠡᠷᠡᠭᠯᠡᠭᠡᠨ ᠤ ᠦᠵᠡᠭᠦᠯᠦᠯᠭᠡ (2013BAH55F00)》 ᠢ᠋ ᠰᠤᠳᠤᠯᠤᠨ ᠦᠢᠯᠡᠳᠦᠭᠰᠡᠨ ᠮᠣᠩᠭᠣᠯ ᠬᠢᠲᠡᠳ ᠬᠡᠯᠡᠨ ᠤ ᠲᠤᠭ᠎ᠠ ᠪᠦᠷᠢᠳᠭᠡᠯ ᠤᠨ ᠡᠬᠢ ᠪᠠᠶᠠᠯᠢᠭ ᠵᠢᠴᠢ ᠰᠤᠹᠲ ᠤᠨ ᠲᠠᠪᠴᠠᠩ ᠨᠢ ᠬᠡᠪᠯᠡᠯ ᠤᠨ ᠪᠦᠯᠦᠭᠯᠡᠯ ᠪᠤᠯᠤᠨ ᠡᠯ᠎ᠠ ᠬᠡᠪᠯᠡᠯ ᠤᠨ ᠬᠤᠷᠢᠶᠠᠨ ᠤ ᠲᠤᠭᠠᠵᠢᠭᠰᠠᠨ ᠬᠡᠪᠯᠡᠯ ᠤᠨ ᠠᠵᠢᠯᠯᠠᠭ᠎ᠠ ᠳᠤ ᠦᠷᠭᠡᠨ ᠢᠶᠡᠷ ᠬᠡᠷᠡᠭᠯᠡᠭᠳᠡᠬᠦ ᠪᠡᠷ ᠪᠠᠷᠠᠬᠤ ᠦᠭᠡᠢ ᠪᠠᠰᠠ ᠠᠭᠠᠵᠢᠮ ᠢᠶᠡᠷ ᠤᠷᠤᠨ ᠤ ᠳᠤᠲᠤᠭᠠᠲᠤ ᠶᠢᠨ ᠮᠣᠩᠭᠣᠯ ᠬᠡᠯᠡᠨ ᠤ ᠰᠤᠷᠭᠠᠨ ᠬᠦᠮᠦᠵᠢᠯ ᠤᠨ ᠪᠤᠯᠪᠠᠰᠤᠷᠠᠯ᠂ ᠰᠤᠨᠢᠨ ᠮᠡᠳᠡᠭᠡ ᠷᠠᠳ᠋ᠢᠤ᠋ ᠲ᠋ᠸᠯᠸᠢᠰ᠂ ᠵᠠᠭᠤᠴᠢᠯᠠᠭᠤᠷ ᠤᠨ ᠰᠤᠶᠤᠯ᠂ ᠵᠠᠰᠠᠭ ᠵᠠᠬᠢᠷᠭ᠎ᠠ ᠪᠤᠯᠤᠨ ᠠᠵᠤ ᠠᠬᠤᠶᠢᠯᠠᠯ ᠤᠨ ᠪᠠᠶᠢᠭᠤᠯᠤᠮᠵᠢ ᠵᠡᠷᠭᠡ ᠤᠯᠠᠨ ᠰᠠᠯᠪᠤᠷᠢ ᠳᠤ ᠬᠡᠷᠡᠭᠯᠡᠭᠳᠡᠬᠦ ᠪᠤᠯᠤᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121883484