蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠭᠤᠷᠪᠠᠨ ᠵᠠᠰᠠᠮᠠᠯ ᠵᠠᠮ ᠤᠨ ᠲᠦᠰᠦᠯ ᠢ ᠴᠤᠬᠤᠯᠠᠪᠤᠷᠢᠯᠠᠪᠠ

2017-10-31 12:49

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠭ᠍ᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ 10 ᠰᠠᠷ᠎ᠠ ᠶᠢᠨ 30 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠦᠨᠦ ᠵᠢᠯ ᠤᠨ ᠲᠦᠷᠦᠭᠦᠦ ᠭᠤᠷᠪᠠᠨ ᠤᠯᠠᠷᠢᠯ ᠳᠤ ᠦᠪᠦᠷ ᠮᠣᠩᠭᠣᠯ ᠤᠯᠤᠰ ᠤᠨ ᠵᠠᠮ ᠤᠨ 335 ᠱᠤᠭᠤᠮ ᠤᠨ ᠬᠤᠸᠠᠩ ᠵᠢᠶᠠ ᠲᠠᠨ ᠡᠴᠡ ᠪᠠᠢ ᠯᠢᠩ ᠰᠦᠮ᠎ᠠ ᠬᠦᠷᠬᠦ ᠬᠡᠰᠡᠭ᠂ ᠮᠤᠵᠢ ᠶᠢᠨ ᠵᠠᠮ ᠤᠨ 215 ᠱᠤᠭᠤᠮ ᠤᠨ ᠡᠦ ᠪᠤᠯᠠᠭ ᠤᠨ ᠠᠮᠠ ᠡᠴᠡ ᠰᠢᠨ ᠠᠨ ᠬᠦᠷᠬᠦ ᠬᠡᠰᠡᠭ ᠪᠤᠯᠤᠨ ᠮᠤᠵᠢ ᠶᠢᠨ ᠵᠠᠮ ᠤᠨ 215 ᠱᠤᠭᠤᠮ ᠤᠨ ᠲᠦ᠋ᠩ ᠱᠢ ᠡᠴᠡ ᠬᠠᠢ ᠽᠸ ᠫᠠᠨ ᠬᠦᠷᠬᠦ ᠬᠡᠰᠡᠭ ᠵᠡᠷᠭᠡ 3 ᠤᠯᠤᠰ ᠪᠠ ᠮᠤᠵᠢ ᠶᠢᠨ ᠭᠤᠤᠯ ᠱᠤᠭᠤᠮ ᠤᠨ ᠢᠨᠵᠸᠨ᠋ᠸᠷᠢᠩ ᠤᠨ ᠪᠤᠯᠤᠮᠵᠢ ᠶᠢᠨ ᠰᠤᠳᠤᠯᠭᠠᠨ ᠤ ᠮᠡᠳᠡᠭᠦᠯᠦᠯᠲᠡ ᠶᠢ ᠴᠤᠬᠤᠯᠠᠪᠤᠷᠢᠯᠠᠪᠠ᠃ ᠡᠨᠡᠬᠦ ᠭᠤᠷᠪᠠᠨ ᠱᠤᠭᠤᠮ ᠨᠢ ᠦᠪᠦᠷ ᠮᠣᠩᠭᠣᠯ ᠤᠨ ᠵᠠᠰᠠᠮᠠᠯ ᠵᠠᠮ ᠤᠨ ᠭᠤᠤᠯ ᠱᠤᠭᠤᠮ ᠤᠨ ᠴᠢᠬᠤᠯᠠ ᠪᠦᠷᠢᠯᠳᠦᠬᠦᠨ ᠮᠦᠨ᠃

    ᠤᠶᠢᠯᠠᠭᠠᠭᠰᠨᠨ ᠢᠶᠡᠷ᠂ ᠲᠦᠰᠦᠯ ᠤᠨ ᠶᠡᠷᠦᠩᠬᠡᠢ ᠬᠦᠷᠦᠩᠭᠡ ᠤᠷᠤᠭᠤᠯᠤᠯᠲᠠ ᠨᠢ 37.7 ᠳ᠋ᠦᠩᠰᠢᠭᠤᠷ ᠲᠦᠬᠦᠷᠢᠭ᠌ ᠲᠤ ᠬᠦᠷᠴᠤ᠂ ᠪᠦᠬᠦ ᠤᠷᠳᠤ ᠨᠢ ᠪᠠᠷᠤᠬ 232.5 ᠺᠢᠯᠦᠮᠸᠲ᠋ᠷ  ᠬᠦᠷᠦᠨ᠎ᠠ᠂ ᠴᠦᠮ ᠬᠤᠶᠠᠳᠤᠭᠠᠷ ᠵᠡᠷᠭᠡᠯᠡᠯ ᠡᠴᠡ ᠳᠡᠭᠡᠭ᠍ᠰᠢᠬᠢ ᠵᠠᠰᠠᠮᠠᠯ ᠵᠠᠮ ᠤᠨ ᠪᠠᠷᠢᠮᠵᠢᠶ᠎ᠠ ᠪᠡᠷ ᠪᠠᠶᠢᠭᠤᠯᠬᠤ ᠪᠦᠭᠡᠳ ᠤᠷᠢᠳᠴᠢᠯᠠᠨ ᠲᠤᠭᠠᠴᠠᠭᠠᠯᠠᠭᠰᠨᠨ ᠢᠶᠡᠷ 2018 ᠤᠨ ᠳᠤ ᠠᠵᠢᠯ ᠡᠬᠢᠯᠡᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121883746